ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠱᠢᠯᠢ᠎ᠶ᠋ᠢᠨ ᠭᠤᠣᠯ ᠠᠢᠮᠠᠭ᠎ᠤᠨ ᠠᠢ ᠷᠦᠨ ᠱᠢᠨᠵᠢᠯᠡᠬᠦ᠌ ᠤᠬᠠᠭᠠᠨ ᠲᠸᠭ᠌ᠨᠢᠭ ᠮᠡᠷᠭᠡᠵᠢᠯ᠎ᠤᠨ ᠰᠤᠳᠤᠯᠤᠨ ᠨᠡᠭᠡᠭᠡᠬᠦ᠌ ᠬᠢᠵᠠᠭᠠᠷᠲᠤ ᠺᠣᠮᠫᠠᠨᠢ ᠵᠡᠷᠭᠡ 2 ᠠᠵᠤ ᠠᠬᠤᠢᠯᠠᠯ᠎ᠤᠨ ᠠᠵᠤ ᠦᠢᠯᠡᠳᠪᠦᠷᠢ᠎ᠶ᠋ᠢᠨ ᠦᠢᠯᠡᠳᠬᠦᠨ ᠦᠢᠯᠡᠳᠪᠦᠷᠢᠯᠡᠬᠦ᠌ ᠵᠥᠪᠱᠢᠶᠡᠷᠡᠯ᠎ᠤᠨ ᠦᠨᠡᠮᠯᠡᠯ᠎ᠢ ᠬᠦᠴᠦᠨ ᠦᠭᠡᠢ ᠪᠣᠯᠭᠠᠬᠤ ᠲᠤᠬᠠᠢ ᠮᠡᠳᠡᠭ᠌ᠳᠡᠯ
ᠨᠡᠶ᠋ᠢᠲᠡᠯᠡᠭᠰᠡᠨ ᠴᠠᠭ᠄ 2025-12-09

《ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠵᠤ ᠦᠢᠯᠡᠳᠪᠦᠷᠢ᠎ᠶ᠋ᠢᠨ ᠦᠢᠯᠡᠳᠬᠦᠨ ᠦᠢᠯᠡᠳᠪᠦᠷᠢᠯᠡᠬᠦ᠌ ᠵᠥᠪᠱᠢᠶᠡᠷᠡᠯ᠎ᠤᠨ ᠦᠨᠡᠮᠯᠡᠯ᠎ᠤᠨ ᠬᠠᠮᠢᠶᠠᠷᠤᠯᠲᠠ᠎ᠶ᠋ᠢᠨ ᠳᠦᠷᠢᠮ᠎ᠢ ᠬᠡᠷᠡᠭ᠌ᠵᠢᠭᠦᠯᠬᠦ᠌ ᠠᠷᠭ᠎ᠠ》᠎ᠶ᠋ᠢᠨ ᠭᠤᠴᠢᠨ ᠳᠥᠷᠪᠡᠳᠦᠭᠡᠷ ᠵᠦᠢᠯ᠎ᠤᠨ ᠬᠤᠶᠠᠳᠤᠭᠠᠷ ᠵᠤᠷᠪᠤᠰ᠎ᠤᠨ (ᠳᠥᠷᠪᠡᠳᠦᠭᠡᠷ)ᠵᠦᠢᠯ᠎ᠤᠨ ᠲᠣᠭ᠍ᠲᠠᠭᠠᠯ᠎ᠢ ᠦᠨᠳᠦᠰᠦᠯᠡᠪᠡᠯ᠂ ᠵᠤᠷᠱᠢᠯ᠎ᠢᠶᠠᠷ ᠪᠠᠢᠴᠠᠭᠠᠭ᠍ᠰᠠᠨ ᠳ᠋ᠦᠩ᠎ᠳᠤ ᠬᠢᠷᠢ ᠲᠡᠩᠴᠡᠭ᠌ᠰᠡᠨ ᠦᠭᠡᠶ᠎ᠠᠴᠠ ᠪᠣᠯᠵᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠠᠴᠠ ᠱᠢᠯᠢ᠎ᠶ᠋ᠢᠨ ᠭᠤᠣᠯ ᠠᠢᠮᠠᠭ᠎ᠤᠨ ᠠᠢ ᠷᠦᠨ ᠱᠢᠨᠵᠢᠯᠡᠬᠦ᠌ ᠤᠬᠠᠭᠠᠨ ᠲᠸᠭ᠌ᠨᠢᠭ ᠮᠡᠷᠭᠡᠵᠢᠯ᠎ᠤᠨ ᠰᠤᠳᠤᠯᠤᠨ ᠨᠡᠭᠡᠭᠡᠬᠦ᠌ ᠬᠢᠵᠠᠭᠠᠷᠲᠤ ᠺᠣᠮᠫᠠᠨᠢ᠂ ᠥᠪᠥᠷ ᠮᠣᠩᠭᠤᠯ᠎ᠤᠨ ᠪᠠ ᠫᠢ ᠮᠠ ᠢᠳᠡᠭᠡᠨ᠎ᠤ ᠬᠢᠵᠠᠭᠠᠷᠲᠤ ᠺᠣᠮᠫᠠᠨᠢ᠎ᠶ᠋ᠢᠨ ᠠᠵᠤ ᠦᠢᠯᠡᠳᠪᠦᠷᠢ᠎ᠶ᠋ᠢᠨ ᠦᠢᠯᠡᠳᠬᠦᠨ ᠦᠢᠯᠡᠳᠪᠦᠷᠢᠯᠡᠬᠦ᠌ ᠵᠥᠪᠱᠢᠶᠡᠷᠡᠯ᠎ᠤᠨ ᠦᠨᠡᠮᠯᠡᠯ  (ᠨᠡᠷᠡᠰ᠎ᠢ ᠳᠠᠭᠠᠯᠳᠤᠭᠤᠯᠤᠯ᠎ᠳᠤ ᠦᠵᠡ)᠎ᠢ ᠬᠦᠴᠦᠨ ᠦᠭᠡᠢ ᠪᠣᠯᠭᠠᠬᠤ᠎ᠪᠠᠷ ᠲᠣᠭ᠍ᠲᠠᠪᠠ᠃ ᠡᠯ᠎ᠡ ᠭᠠᠵᠠᠷ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ ᠬᠢᠨᠠᠯᠲᠠ ᠬᠠᠮᠢᠶᠠᠷᠤᠯᠲᠠ᠎ᠪᠠᠨ ᠤᠯᠠᠮ ᠨᠢᠭᠡ ᠠᠯᠬᠤᠮ ᠴᠢᠩᠭᠠᠳᠭᠠᠵᠤ᠂ ᠴᠢᠬᠤᠯᠠ ᠠᠵᠤ ᠦᠢᠯᠡᠳᠪᠦᠷᠢ᠎ᠶ᠋ᠢᠨ ᠦᠢᠯᠡᠳᠬᠦᠨ᠎ᠤ ᠶᠠᠰᠤ ᠴᠢᠨᠠᠷ᠎ᠤᠨ ᠠᠮᠤᠷ ᠲᠦᠪᠱᠢᠨ᠎ᠢ ᠦᠨᠡᠨ ᠬᠦ᠌ ᠪᠠᠲᠤᠯᠠᠬᠤ ᠬᠡᠷᠡᠭ᠌ᠲᠡᠶ᠃

ᠡᠭᠦᠨ᠎ᠤ ᠲᠤᠯᠠ ᠣᠨᠴᠠᠭᠠᠢᠯᠠᠨ ᠵᠠᠷᠯᠠᠪᠠ᠃

ᠳᠠᠭᠠᠯᠳᠤᠭᠤᠯᠤᠯ᠄ ᠠᠵᠤ ᠦᠢᠯᠡᠳᠪᠦᠷᠢ᠎ᠶ᠋ᠢᠨ ᠦᠢᠯᠡᠳᠬᠦᠨ ᠦᠢᠯᠡᠳᠪᠦᠷᠢᠯᠡᠬᠦ᠌ ᠵᠥᠪᠱᠢᠶᠡᠷᠡᠯ᠎ᠦᠨ ᠦᠨᠡᠮᠯᠡᠯ ᠎ᠢ ᠬᠦᠴᠦᠨ ᠦᠭᠡᠶ ᠪᠣᠯᠭᠠᠭ᠍ᠰᠠᠨ ᠠᠵᠤ ᠠᠬᠤᠢᠯᠠᠯ᠎ᠤᠨ ᠨᠡᠷᠡᠰ


        ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠤᠪᠴᠢᠶ᠎ᠠ
                  2025 ᠣᠨ᠎ᠤ 9 ᠳ᠋ᠦ᠍ᠭᠡᠷ ᠰᠠᠷ᠎ᠠ᠎ᠶ᠋ᠢᠨ 16 ᠎ᠤ ᠡᠳᠦᠷ

ᠠᠩᠬᠠᠨ᠎ᠤ ᠬᠢᠨᠠᠭ᠍ᠴᠢ᠄  ᠸᠠᠩ  

     

     

ᠢᠷᠡᠯᠲᠡ᠄ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠤᠪᠴᠢᠶ᠎ᠠ
Baidu
map