750 ᠪᠦᠯᠦᠭ ᠤᠳᠠᠭ᠎ᠠ᠎ᠶ᠋ᠢᠨ ᠢᠳᠡᠭᠡᠨ᠎ᠤ ᠰᠤᠭᠤᠴᠢᠨ ᠪᠠᠢᠴᠠᠭᠠᠭ᠍ᠰᠠᠨ ᠪᠠᠢᠳᠠᠯ᠎ᠤᠨ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠮᠡᠳᠡᠭ᠌ᠳᠡᠯ (2025 ᠣᠨ᠎ᠤ 21 ᠳ᠋ᠦ᠍ᠭᠡᠷ ᠬᠤᠭᠤᠴᠠᠭ᠎ᠠ)
ᠨᠡᠶ᠋ᠢᠲᠡᠯᠡᠭᠰᠡᠨ ᠴᠠᠭ᠄ 2025-12-09

ᠣᠢᠷ᠎ᠠ᠎ᠶ᠋ᠢᠨ ᠬᠤᠭᠤᠴᠠᠭᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠢᠳᠡᠭᠡᠨ᠎ᠤ ᠠᠮᠤᠷ ᠲᠦᠪᠱᠢᠨ᠎ᠳᠤ ᠬᠢᠨᠠᠯᠲᠠ ᠲᠠᠯᠪᠢᠵᠤ ᠰᠤᠭᠤᠴᠢᠨ ᠪᠠᠢᠴᠠᠭᠠᠬᠤ ᠠᠵᠢᠯ᠎ᠢ ᠵᠣᠬᠢᠶᠠᠨ ᠪᠠᠢᠭᠤᠯᠤᠨ ᠥᠷᠨᠢᠭᠦᠯᠵᠦ᠍᠂  ᠪᠢᠩᠭᠠᠨ᠂ ᠢᠳᠡᠭᠡᠨ ᠤᠮᠳᠠᠭᠠᠨ᠎ᠤ ᠵᠣᠢᠯ᠂ ᠴᠠᠶ ᠵᠢᠴᠢ ᠬᠠᠮᠢᠶ᠎ᠠ ᠪᠥᠬᠦᠶ ᠪᠦᠲᠦᠭᠡᠭ᠌ᠳᠡᠬᠦᠨ᠂ ᠬᠠᠭᠤᠷᠤᠭ᠍ᠰᠠᠨ ᠢᠳᠡᠭᠡᠨ ᠵᠢᠴᠢ ᠬᠠᠲᠠᠭᠤ ᠵᠢᠮᠢᠰ᠎ᠤᠨ ᠪᠦᠲᠦᠭᠡᠭ᠌ᠳᠡᠬᠦᠨ᠂    ᠂ ᠠᠮᠲᠠ ᠣᠷᠣᠭᠣᠯᠣᠨᠴᠢ᠂ ᠪᠤᠷᠴᠠᠭ᠎ᠤᠨ ᠪᠦᠲᠦᠭᠡᠭ᠌ᠳᠡᠬᠦᠨ᠂ ᠲᠥᠬᠦᠮ ᠢᠳᠡᠭᠡᠨ᠂ ᠪᠣᠭᠤᠷᠰᠤᠭ᠂ ᠭᠤᠸᠠᠨᠲ᠋ᠧᠦ ᠂ ᠠᠮᠤ ᠪᠣᠳᠠᠭ᠎ᠠ ᠎ᠪᠠᠷ ᠪᠣᠯᠪᠠᠰᠣᠷᠠᠭᠣᠯᠣᠭ᠍ᠰᠠᠨ ᠪᠦᠲᠦᠭᠡᠭ᠌ᠳᠡᠬᠦᠨ᠂ ᠢᠳᠡᠭᠡᠨ᠎ᠤ ᠲᠠᠷᠢᠶᠠᠯᠠᠩ᠎ᠤᠨ ᠪᠦᠲᠦᠭᠡᠭ᠌ᠳᠡᠬᠦᠨ᠂ ᠮᠢᠬᠠᠨ᠎ᠤ ᠪᠦᠲᠦᠭᠡᠭ᠌ᠳᠡᠬᠦᠨ ᠂  ᠢᠳᠡᠱᠢᠨ ᠲᠣᠰᠣ᠂  ᠲᠣᠰᠣ ᠵᠢᠴᠢ ᠲᠡᠭᠦᠨ᠎ᠤ ᠪᠦᠲᠦᠭᠡᠭ᠌ᠳᠡᠬᠦᠨ᠂ ᠴᠠᠭᠠᠨ ᠢᠳᠡᠭᠡᠨ᠂ ᠢᠳᠡᠭᠡᠨ᠎ᠤ ᠨᠡᠮᠡᠯᠲᠡ ᠡᠳ᠋᠂  ᠢᠳᠡᠭᠡᠨ᠎ᠦ ᠱᠢᠬᠢᠷ᠂ ᠢᠳᠡᠱᠢᠨ ᠨᠣᠭᠤᠭ᠎ᠠ᠎ᠶ᠋ᠢᠨ ᠪᠦᠲᠦᠭᠡᠭ᠌ᠳᠡᠬᠦᠨ᠂ ᠵᠢᠮᠢᠰ᠎ᠤᠨ ᠪᠦᠲᠦᠭᠡᠭ᠌ᠳᠡᠬᠦᠨ᠂  ᠣᠰᠣᠨ ᠭᠠᠷᠣᠯᠲᠠ᠎ᠶ᠋ᠢᠨ ᠪᠦᠲᠦᠭᠡᠭ᠌ᠳᠡᠬᠦᠨ᠂ ᠱᠢᠬᠢᠷ ᠵᠢᠮᠢᠰ᠎ᠦᠨ ᠪᠦᠲᠦᠭᠡᠭ᠌ᠳᠡᠬᠦᠨ᠂ ᠣᠮᠳᠠᠭᠠᠨ᠂ ᠲᠥᠮᠥᠰᠥ᠎ᠶ᠋ᠢᠨ ᠲᠥᠷᠥᠯ ᠪᠠ ᠬᠥᠭᠡᠭᠡᠯᠭᠡᠭ᠌ᠰᠡᠨ ᠢᠳᠡᠭᠡᠨ ᠵᠡᠷᠭᠡ 26ᠶᠡᠭᠡ ᠲᠥᠷᠥᠯ᠎ᠤᠨ ᠢᠳᠡᠭᠡᠨ ᠵᠢᠴᠢ ᠢᠳᠡᠭᠡᠨ᠎ᠤ ᠬᠠᠮᠢᠶ᠎ᠠ ᠪᠥᠬᠦᠶ  ᠣᠢᠯᠡᠳᠭᠦᠨ᠎ᠢ 750 ᠪᠦᠯᠦᠭ ᠤᠳᠠᠭ᠎ᠠ ᠪᠠᠢᠴᠠᠭᠠᠨ ᠭᠠᠷᠭᠠᠪᠠ᠂ ᠡᠭᠦᠨ᠎ᠳᠤ 21 ᠪᠦᠯᠦᠭ ᠤᠳᠠᠭ᠎ᠠ᠎ᠶ᠋ᠢᠨ ᠬᠢᠷᠢ ᠲᠡᠩᠴᠡᠬᠦ᠌ ᠦᠭᠡᠢ ᠦᠯᠢᠭᠡᠷ ᠡᠳ᠋᠎ᠢ ᠪᠠᠢᠴᠠᠭᠠᠨ ᠭᠠᠷᠭᠠᠵᠦ᠍᠂ ᠭᠤᠣᠯᠳᠠᠭᠤ ᠶᠠᠰᠤ ᠴᠢᠨᠠᠷ᠎ᠤᠨ ᠭᠦᠢᠴᠡᠳᠭᠡᠯ ᠲᠤᠭ᠎ᠠ ᠨᠢ ᠪᠠᠷᠢᠮᠵᠢᠶ᠎ᠠ᠎ᠳᠤ ᠬᠦᠷᠬᠦ᠌ ᠦᠭᠡᠢ᠂ ᠢᠳᠡᠭᠡᠨ᠎ᠤ ᠨᠡᠮᠡᠯᠲᠡ ᠡᠳ᠋ ᠨᠢ ᠪᠠᠷᠢᠮᠵᠢᠶ᠎ᠠ᠎ᠠᠴᠠ ᠬᠡᠳᠦᠷᠡᠭ᠌ᠰᠡᠨ᠂ ᠲᠠᠷᠢᠶᠠᠨ ᠡᠮ᠎ᠤᠨ ᠦᠯᠡᠳᠡᠭ᠌ᠳᠡᠯ᠎ᠤᠨ ᠪᠠᠷᠢᠮᠵᠢᠶ᠎ᠠ᠎ᠠᠴᠠ ᠬᠡᠳᠦᠷᠡᠭ᠌ᠰᠡᠨ᠂ ᠪᠣᠬᠢᠷᠳᠤᠯ ᠪᠣᠳᠠᠰ  ᠨᠢ ᠪᠠᠷᠢᠮᠵᠢᠶ᠎ᠠ᠎ᠠᠴᠠ ᠬᠡᠳᠦᠷᠡᠭ᠌ᠰᠡᠨ ᠂ ᠮᠢᠺᠷᠣᠪ᠎ᠤᠨ ᠪᠣᠬᠢᠷᠳᠤᠯ ᠵᠡᠷᠭᠡ ᠠᠰᠠᠭᠤᠳᠠᠯ ᠪᠣᠯᠣᠨ᠎ᠠ᠃

ᠰᠤᠭᠤᠴᠢᠨ ᠪᠠᠢᠴᠠᠭᠠᠬᠤ ᠶᠠᠪᠤᠴᠠ᠎ᠳᠤ ᠣᠯᠵᠤ ᠮᠡᠳᠡᠭ᠌ᠰᠡᠨ ᠬᠢᠷᠢ ᠲᠡᠩᠴᠡᠭ᠌ᠰᠡᠨ ᠥᠬᠡᠶ ᠢᠳᠡᠭᠡᠨ᠎ᠢ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠨᠢᠭᠡᠨᠲᠡ ᠬᠥᠬᠡᠬᠤᠲᠠ᠂ ᠬᠥᠯᠥᠨ ᠪᠤᠢᠷ ᠬᠤᠲᠠ᠂ ᠬᠢᠩᠭᠠᠨ ᠠᠢᠮᠠᠭ᠂ ᠲᠦᠩᠯᠢᠶᠣᠤ ᠬᠤᠲᠠ᠂ ᠤᠯᠠᠭᠠᠨᠬᠠᠳᠠ ᠬᠤᠲᠠ᠂ ᠱᠢᠯᠢ᠎ᠶ᠋ᠢᠨ ᠭᠤᠤᠯ ᠠᠢᠮᠠᠭ᠂ ᠤᠯᠠᠭᠠᠨᠴᠠᠪ ᠬᠤᠲᠠ᠂ ᠣᠷᠳᠣᠰ ᠬᠤᠲᠠ᠂ ᠦᠬᠠᠶ ᠬᠤᠲᠠ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢ ᠵᠠᠷᠯᠢᠭ᠍ᠳᠠᠵᠤ ᠪᠠᠢᠭᠠᠳ ᠲᠡᠷᠡ ᠳᠠᠷᠤᠶ᠎ᠳᠤ ᠨᠢ ᠬᠢᠨᠠᠨ ᠪᠠᠢᠴᠠᠭᠠᠵᠤ ᠱᠢᠢᠳᠪᠦᠷᠢᠯᠡᠬᠦ᠌ ᠠᠵᠢᠯ᠎ᠢ ᠵᠣᠬᠢᠶᠠᠨ ᠪᠠᠢᠭᠤᠯᠤᠨ ᠥᠷᠨᠢᠭᠦᠯᠵᠦ᠍᠂ ᠦᠢᠯᠡᠳᠬᠦᠨ᠎ᠤ ᠭᠦᠢᠯᠭᠡᠭᠡᠨ᠎ᠤ ᠬᠠᠨᠳᠤᠰᠢ᠎ᠶ᠋ᠢ ᠪᠠᠢᠴᠠᠭᠠᠨ ᠲᠣᠳᠣᠯᠠᠵᠤ᠂ ᠠᠵᠤ ᠠᠬᠤᠢᠯᠠᠯ᠎ᠢ ᠱᠢᠮᠳᠠᠭᠤᠯᠵᠤ ᠪᠠᠢᠭᠠᠳ ᠵᠠᠬ᠎ᠠ ᠳᠡᠯᠭᠡᠭᠦᠷ᠎ᠠᠴᠠ ᠪᠠᠭᠤᠵᠤ ᠬᠢᠷᠢ ᠲᠡᠩᠴᠡᠭ᠌ᠰᠡᠨ ᠥᠬᠡᠶ ᠦᠢᠯᠡᠳᠬᠦᠨ᠎ᠢᠶᠠᠨ ᠡᠭᠡᠭᠦᠯᠦᠨ ᠪᠤᠴᠠᠭᠠᠬᠤ ᠵᠡᠷᠭᠡ ᠠᠷᠭ᠎ᠠ ᠬᠡᠮᠵᠢᠶ᠎ᠡ ᠠᠪᠴᠤ᠌ ᠪᠠᠢᠭᠠᠳ ᠲᠦᠭ᠌ᠰᠢᠭᠦᠷᠢ᠎ᠶ᠋ᠢ ᠡᠵᠡᠮᠳᠡᠪᠡ;ᠬᠠᠤᠯᠢ ᠲᠣᠭ᠍ᠲᠠᠭᠠᠯ᠎ᠠᠴᠠ ᠵᠥᠷᠢᠴᠡᠭ᠌ᠰᠡᠨ ᠦᠢᠯᠡ ᠠᠵᠢᠯᠯᠠᠭ᠎ᠠ᠎ᠶ᠋ᠢ ᠬᠠᠤᠯᠢ ᠶᠣᠰᠣᠭᠠᠷ ᠴᠢᠩᠭ᠎ᠠ ᠱᠢᠢᠳᠪᠣᠷᠢᠯᠡᠪᠡ;ᠠᠵᠤ ᠠᠬᠤᠢᠯᠠᠯ᠎ᠤᠨ ᠠᠪᠤᠭ᠍ᠰᠠᠨ ᠲᠦᠭ᠌ᠰᠢᠭᠦᠷᠢ᠎ᠶ᠋ᠢ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ ᠪᠠ ᠬᠠᠷᠭᠤᠭᠤᠯᠤᠨ ᠪᠠᠢᠴᠠᠭᠠᠵᠤ ᠱᠢᠢᠳᠪᠦᠷᠢᠯᠡᠭ᠌ᠰᠡᠨ ᠪᠠᠢᠳᠠᠯ᠎ᠢ ᠴᠠᠭ ᠲᠤᠬᠠᠶ᠎ᠳᠤ᠎ᠨᠢ ᠨᠡᠢᠭᠡᠮ᠎ᠳᠤ ᠢᠯᠡ ᠪᠣᠯᠭᠠᠬᠤ᠎ᠶ᠋ᠢᠨ ᠬᠠᠮᠲᠤ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠳᠤ  ᠮᠡᠳᠡᠭᠦᠯᠪᠡ᠃

ᠡᠳᠦᠭᠡ ᠰᠤᠭᠤᠴᠢᠨ ᠪᠠᠢᠴᠠᠭᠠᠬᠤ᠎ᠳᠤ ᠬᠢᠷᠢ ᠲᠡᠩᠴᠡᠭ᠌ᠰᠡᠨ ᠥᠬᠡᠶ ᠪᠣᠳᠠᠲᠠᠶ ᠪᠠᠢᠳᠠᠯ᠎ᠢ ᠳᠣᠤᠷᠠᠬᠢ ᠮᠡᠲᠦ ᠵᠠᠷᠯᠠᠶ᠎ᠠ᠄

ᠨᠢᠭᠡ᠂ ᠶᠠᠰᠤ ᠴᠢᠨᠠᠷ᠎ᠤᠨ ᠭᠦᠢᠴᠡᠳᠭᠡᠯ ᠲᠤᠭ᠎ᠠ᠎ᠶ᠋ᠢᠨ ᠠᠰᠠᠭᠤᠳᠠᠯ

( ᠨᠢᠭᠡ) ᠣᠷᠳᠣᠰ ᠬᠤᠲᠠ᠎ᠶ᠋ᠢᠨ ᠳ᠋ᠢᠩ ᠾᠧᠩ ᠧᠦ ᠯᠦ᠍ ᠵᠠᠩ ᠦᠢᠯᠡ᠎ᠶ᠋ᠢᠨ ᠬᠡᠲᠦ ᠳᠡᠯᠭᠡᠭᠦᠷ᠎ᠤᠨ ᠬᠢᠵᠠᠭᠠᠷᠲᠤ ᠺᠣᠮᠫᠠᠨᠢ᠎ᠶ᠋ᠢᠨ ᠪᠣᠷᠣᠯᠠᠭᠤᠯᠤᠭ᠍ᠰᠠᠨ ᠪᠠᠶᠠᠨᠨᠠᠭᠤᠷ ᠠᠢᠮᠠᠭ᠎ᠤᠨ ᠣᠨᠴᠠ ᠶᠡᠭᠡ ᠭᠤᠸᠠ᠎ᠶ᠋ᠢᠨ ᠦᠷ᠎ᠡ ᠬᠡᠳᠦ ᠢᠰᠦᠯ᠎ᠤᠨ ᠬᠡᠮᠵᠢᠭ᠌ᠳᠡᠯ (ᠥᠭᠡᠬᠦ᠎ᠪᠡᠷ ᠪᠤᠳᠤᠨ᠎ᠠ) ᠨᠢ ᠢᠳᠡᠭᠡᠨ᠎ᠤ ᠠᠮᠤᠷ ᠲᠥᠪᠱᠢᠨ᠎ᠦ ᠤᠯᠤᠰ᠎ᠤᠨ ᠪᠠᠷᠢᠮᠵᠢᠶ᠎ᠠ ᠶ᠋ᠢᠨ ᠲᠣᠭ᠍ᠲᠠᠭᠠᠯ᠎ᠳᠤ  ᠨᠡᠢᠴᠡᠭ᠌ᠰᠡᠨ᠎ᠦᠭᠡᠢ᠃ ᠱᠢᠯᠭᠠᠨ ᠪᠠᠢᠴᠠᠭᠠᠭ᠍ᠰᠠᠨ ᠪᠠᠢᠭᠤᠯᠤᠮᠵᠢ ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ  ᠣᠢᠯᠡᠳᠭᠦᠨ᠎ᠦ ᠶᠠᠰᠤ ᠴᠢᠨᠠᠷ᠎ᠢ ᠱᠢᠯᠭᠠᠨ ᠪᠠᠢᠴᠠᠭᠠᠬᠤ ᠰᠤᠳᠤᠯᠭᠠᠨ᠎ᠤ ᠬᠦᠷᠢᠶᠡᠯᠡᠩ ᠪᠣᠯᠤᠨ᠎ᠠ᠃

( ᠬᠣᠶᠠᠷ) ᠦᠬᠠᠶ ᠬᠤᠲᠠ᠎ᠶ᠋ᠢᠨ ᠬᠠᠢᠷᠤᠪ᠎ᠤᠨ ᠲᠣᠬᠤᠢ ᠲᠣᠭᠤᠷᠢᠭ᠎ᠤᠨ ᠯᠢ ᠱᠠᠨ ᠾᠧ᠎ᠶ᠋ᠢᠨ ᠤᠯᠠᠭᠠᠨ ᠴᠢᠪᠠᠭ᠎ᠠ ᠬᠠᠲᠠᠭᠠᠭ᠍ᠰᠠᠨ ᠵᠢᠮᠢᠰ᠎ᠦᠨ ᠬᠣᠳᠠᠯᠳᠣᠭ᠎ᠠ᠎ᠶ᠋ᠢᠨ ᠪᠣᠷᠣᠯᠠᠭᠣᠯᠣᠨ ᠬᠣᠳᠠᠯᠳᠣᠭ᠍ᠰᠠᠨ ᠳᠠᠪᠤᠰᠤᠯᠠᠭ᠍ᠰᠠᠨ ᠨᠡᠷᠡᠨ ᠬᠤᠸᠠᠷ᠎ᠤᠨ ᠬᠡᠲᠦ  ᠢᠰᠦᠯ᠎ᠦᠨ ᠬᠡᠮᠵᠢᠭ᠌ᠳᠡᠯ  (ᠥᠭᠡᠬᠦ᠎ᠪᠡᠷ ᠪᠤᠳᠤᠨ᠎ᠠ) ᠨᠢ ᠢᠳᠡᠭᠡᠨ᠎ᠦ ᠠᠮᠤᠷ ᠲᠥᠪᠱᠢᠨ᠎ᠦ ᠤᠯᠤᠰ᠎ᠤᠨ ᠪᠠᠷᠢᠮᠵᠢᠶ᠎ᠠ᠎ᠶ᠋ᠢᠨ ᠲᠣᠭ᠍ᠲᠠᠭᠠᠯ᠎ᠳᠤ ᠨᠡᠢᠴᠡᠭ᠌ᠰᠡᠨ᠎ᠦᠭᠡᠢ᠃ ᠱᠢᠯᠭᠠᠨ ᠪᠠᠢᠴᠠᠭᠠᠭ᠍ᠰᠠᠨ ᠪᠠᠢᠭᠤᠯᠤᠮᠵᠢ ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠢᠯᠡᠳᠭᠦᠨ᠎ᠦ ᠶᠠᠰᠤ ᠴᠢᠨᠠᠷ᠎ᠢ ᠱᠢᠯᠭᠠᠨ ᠪᠠᠢᠴᠠᠭᠠᠬᠤ ᠰᠤᠳᠤᠯᠭᠠᠨ᠎ᠤ ᠬᠦᠷᠢᠶᠡᠯᠡᠩ ᠪᠣᠯᠤᠨ᠎ᠠ᠃

ᠬᠤᠶᠠᠷ᠂ ᠢᠳᠡᠭᠡᠨ᠎ᠤ ᠨᠡᠮᠡᠯᠲᠡ ᠡᠳ᠋᠎ᠤᠨ ᠪᠠᠷᠢᠮᠵᠢᠶ᠎ᠠ᠎ᠠᠴᠠ ᠬᠡᠲᠦᠷᠡᠭ᠌ᠰᠡᠨ ᠠᠰᠠᠭᠤᠳᠠᠯ

(ᠨᠢᠭᠡ) ᠬᠢᠩᠭᠠᠨ ᠠᠢᠮᠠᠭ᠎ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠱᠢᠭᠤᠨ᠎ᠤ ᠵᠢᠶᠠ ᠹᠦ᠋ ᠯᠧ ᠠᠮᠢᠳᠤᠷᠠᠯ᠎ᠤᠨ ᠬᠡᠲᠦ ᠳᠡᠯᠭᠡᠭᠦᠷ (ᠵᠢᠵᠢᠭ ᠦᠢᠯᠡᠳᠭᠡᠯ᠎ᠤᠨ ᠭᠠᠵᠠᠷ᠎ᠤᠨ ᠦᠢᠯᠡᠳᠪᠦᠷᠢᠯᠡᠯ᠎ᠤᠨ ᠵᠥᠪᠱᠢᠶᠡᠷᠡᠯ᠎ᠢ ᠣᠯᠵᠣ)ᠦᠢᠯᠡᠳᠪᠦᠷᠢᠯᠡᠵᠦ᠍ ᠪᠣᠷᠣᠯᠠᠭᠤᠯᠤᠭ᠍ᠰᠠᠨ ᠮᠠᠢ  ᠱᠢᠶᠠᠩ ᠶᠣᠸᠠᠨ ᠬᠠᠭᠤᠴᠢᠨ ᠮᠠᠶᠢᠭ᠎ᠤᠨ ᠶᠡᠭᠡ ᠪᠢᠩᠭᠠᠨ (ᠱᠢᠷ᠎ᠠ) ᠬᠢᠭᠡᠳ ᠮᠠᠢ  ᠱᠢᠶᠠᠩ ᠶᠣᠸᠠᠨ ᠬᠠᠭᠤᠴᠢᠨ ᠮᠠᠶᠢᠭ᠎ᠤᠨ ᠶᠡᠭᠡ ᠪᠢᠩᠭᠠᠨ (ᠴᠠᠭᠠᠨ)᠂ ᠬᠥᠩᠭᠡᠨᠴᠠᠭᠠᠨ᠎ᠤ ᠦᠯᠡᠳᠡᠭ᠌ᠳᠡᠯ᠎ᠤᠨ ᠬᠡᠮᠵᠢᠶ᠎ᠡ (ᠬᠠᠭᠤᠷᠠᠶ  ᠦᠯᠢᠭᠡᠷ ᠡᠳ᠋᠂AI᠎ᠪᠠᠷ ᠪᠣᠳᠣᠨ᠎ᠠ) ᠨᠢ ᠢᠳᠡᠭᠡᠨ᠎ᠤ ᠠᠮᠤᠷ ᠲᠥᠪᠱᠢᠨ᠎ᠦ ᠤᠯᠤᠰ᠎ᠤᠨ ᠪᠠᠷᠢᠮᠵᠢᠶ᠎ᠠ᠎᠎ᠶ᠋ᠢᠨ ᠲᠣᠭ᠍ᠲᠠᠭᠠᠯ᠎ᠳᠤ ᠨᠡᠢᠴᠡᠭ᠌ᠰᠡᠨ ᠦᠭᠡᠢ᠃ ᠱᠢᠯᠭᠠᠨ ᠪᠠᠢᠴᠠᠭᠠᠭ᠍ᠰᠠᠨ ᠪᠠᠢᠭᠤᠯᠤᠮᠵᠢ ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ  ᠣᠢᠯᠡᠳᠭᠦᠨ᠎ᠦ ᠶᠠᠰᠤ ᠴᠢᠨᠠᠷ᠎ᠢ ᠱᠢᠯᠭᠠᠨ ᠪᠠᠢᠴᠠᠭᠠᠬᠤ ᠰᠤᠳᠤᠯᠭᠠᠨ᠎ᠤ ᠬᠦᠷᠢᠶᠡᠯᠡᠩ ᠪᠣᠯᠤᠨ᠎ᠠ᠃

(ᠬᠤᠶᠠᠷ) ᠤᠯᠠᠭᠠᠨᠴᠠᠪ ᠬᠣᠲᠠ᠎ᠶᠢᠨ ᠵᠢᠨᠢᠩ ᠲᠣᠭᠣᠷᠢᠭ᠎ᠤ᠋ᠨ ᠱᠢᠶᠣᠣ ᠾᠧᠦ ᠭᠠᠨ ᠭᠦᠸᠧ ᠠᠷᠠᠯᠵᠢᠶ᠎ᠠ ᠬᠤᠳᠠᠯᠳᠤᠭᠠᠨ᠎ᠤ᠋ ᠪᠣᠷᠣᠯᠠᠭᠤᠯᠭ᠎ᠠ᠎ᠶᠢᠨ ᠤᠯᠠᠭᠠᠨᠴᠠᠪ ᠬᠣᠲᠠ᠎ᠶᠢᠨ ᠥᠪᠥᠷ ᠮᠣᠩᠭᠣᠯ᠎ᠤ᠋ᠨ ᠵᠢᠦᠢ ᠴᠤᠸᠠᠩ ᠢᠳᠡᠭᠡᠨ᠎ᠦ᠌ ᠬᠢᠵᠠᠭᠠᠷᠲᠤ ᠺᠣᠮᠫᠠᠨᠢ᠎ᠶᠢᠨ ᠦᠢᠯᠡᠳᠪᠦᠷᠢᠯᠡᠭ᠌ᠰᠡᠨ ᠣᠯᠠᠨ ᠠᠮᠲᠠᠲᠤ ᠭᠣᠸᠠ᠎ᠶ᠋ᠢᠨ ᠦᠷ᠎ᠡ ᠨᠢ ᠬᠦᠬᠦᠷ᠎ᠦ᠋ᠨ ᠳᠠᠪᠬᠤᠷ ᠢᠰᠦᠯ᠎ᠦ᠋ᠨ ᠦᠯᠡᠳᠡᠭ᠌ᠳᠡᠯ᠎ᠦ᠋ᠨ ᠬᠡᠮᠵᠢᠶ᠎ᠡ ᠨᠢ ᠢᠳᠡᠭᠡᠨ᠎ᠦ᠌ ᠠᠮᠤᠷ ᠲᠦᠪᠱᠢᠨ᠎ᠦ᠌ ᠤᠯᠤᠰ᠎ᠤ᠋ᠨ ᠪᠠᠷᠢᠮᠵᠢᠶ᠎ᠠ ᠎ᠶ᠋ᠢᠨ ᠲᠣᠭ᠍ᠲᠠᠭᠠᠯ᠎ᠳ᠋ᠤ ᠨᠡᠢᠴᠡᠭ᠌ᠰᠡᠨ ᠦᠭᠡᠢ᠃ ᠱᠢᠯᠭᠠᠨ ᠪᠠᠢᠴᠠᠭᠠᠭ᠍ᠰᠠᠨ ᠪᠠᠢᠭᠤᠯᠤᠮᠵᠢ ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ  ᠣᠢᠯᠡᠳᠭᠦᠨ᠎ᠦ ᠶᠠᠰᠤ ᠴᠢᠨᠠᠷ᠎ᠢ ᠱᠢᠯᠭᠠᠨ ᠪᠠᠢᠴᠠᠭᠠᠬᠤ ᠰᠤᠳᠤᠯᠭᠠᠨ᠎ᠤ ᠬᠦᠷᠢᠶᠡᠯᠡᠩ ᠪᠣᠯᠤᠨ᠎ᠠ᠃

(ᠭᠤᠷᠪᠡ) ᠤᠯᠠᠭᠠᠨᠴᠠᠪ ᠬᠤᠳᠠ᠎ᠶ᠋ᠢᠨ ᠴᠠᠬᠠᠷ ᠪᠠᠷᠠᠭᠤᠨ ᠭᠠᠷᠤᠨ ᠡᠮᠦᠨᠡᠳᠦ ᠬᠤᠱᠢᠭᠤᠨ᠎ᠤ ᠠᠮᠳᠠᠳᠤ ᠢᠳᠡᠭᠡᠨ᠎ᠤ ᠬᠤᠢ ᠲᠦᠭᠦᠬᠡᠢ ᠱᠢᠨ᠎ᠡ ᠢᠳᠡᠭᠡᠨ᠎ᠤ ᠬᠡᠳᠦ ᠳᠡᠯᠭᠡᠭᠦᠷ᠎ᠤᠨ ᠬᠢᠵᠠᠭᠠᠷᠳᠤ ᠺᠤᠮᠫᠠᠨᠢ᠎ᠶ᠋ᠢᠨ ᠪᠤᠷᠤᠯᠠᠭᠤᠯᠤᠭ᠍ᠰᠠᠨ ᠤᠯᠠᠭᠠᠨᠴᠠᠪ ᠬᠤᠳᠠ᠎ᠶ᠋ᠢᠨ ᠵᠢᠨᠢᠩ ᠲᠤᠭᠤᠷᠢᠭ᠎ᠤᠨ ᠸᠠᠩ ᠴᠤᠤ ᠹᠧᠨᠲ᠋ᠢᠶᠤᠤᠷ᠎ᠤᠨ ᠪᠤᠷᠴᠠᠭ᠎ᠤᠨ ᠪᠦᠳᠦᠭᠡᠭ᠌ᠳᠡᠬᠦᠨ᠎ᠤ ᠦᠢᠯᠡᠳᠪᠦᠷᠢ᠎ᠶ᠋ᠢᠨ ᠦᠢᠯᠡᠳᠪᠦᠷᠢᠯᠡᠭ᠌ᠰᠡᠨ ᠱᠢᠨ᠎ᠡ ᠰᠣᠷᠭᠣᠭ ᠲᠦᠮᠦᠰᠦᠨ᠎ᠦ ᠨᠤᠨᠳᠠᠭ᠂ ᠬᠦᠩᠬᠡᠨᠴᠠᠭᠠᠨ᠎ᠤ ᠦᠯᠡᠳᠡᠭ᠌ᠳᠡᠯ᠎ᠤᠨ ᠬᠡᠮᠵᠢᠶ᠎ᠡ  (ᠬᠠᠭᠤᠷᠠᠢ ᠦᠯᠢᠭᠡᠷ ᠡᠳ᠋᠂ A1᠎ᠪᠠᠷ ᠪᠣᠳᠣᠨ᠎ᠠ)ᠢᠳᠡᠭᠡᠨ᠎ᠤ ᠠᠮᠤᠷ ᠲᠥᠪᠱᠢᠨ᠎ᠦ ᠤᠯᠤᠰ᠎ᠤᠨ ᠪᠠᠷᠢᠮᠵᠢᠶ᠎ᠠ᠎ᠶ᠋ᠢᠨ ᠲᠣᠭ᠍ᠲᠠᠭᠠᠯ᠎ᠳᠤ ᠨᠡᠢᠴᠡᠭ᠌ᠰᠡᠨ᠎ᠦᠭᠡᠢ᠃ ᠱᠢᠯᠭᠠᠨ ᠪᠠᠢᠴᠠᠭᠠᠭ᠍ᠰᠠᠨ ᠪᠠᠢᠭᠤᠯᠤᠮᠵᠢ ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ  ᠣᠢᠯᠡᠳᠭᠦᠨ᠎ᠦ ᠶᠠᠰᠤ ᠴᠢᠨᠠᠷ᠎ᠢ ᠱᠢᠯᠭᠠᠨ ᠪᠠᠢᠴᠠᠭᠠᠬᠤ ᠰᠤᠳᠤᠯᠭᠠᠨ᠎ᠤ ᠬᠦᠷᠢᠶᠡᠯᠡᠩ ᠪᠣᠯᠤᠨ᠎ᠠ᠃

(ᠲᠦᠷᠪᠡ) ᠤᠷᠳᠤᠰ ᠬᠤᠳᠠ᠎ᠶ᠋ᠢᠨ ᠵᠡᠬᠦᠨᠭᠠᠷ ᠬᠤᠱᠢᠭᠤᠨ᠎ᠤ ᠳ᠋ᠸᠤ ᠱᠢᠶᠠᠩ ᠱᠢᠨ ᠮᠦᠸᠧ ᠹᠠᠩ ᠰᠣᠯᠠ ᠢᠳᠡᠭᠡᠨ᠎ᠤ ᠲᠡᠯᠭᠡᠬᠦᠷ᠎ᠤᠨ ᠪᠤᠷᠤᠯᠠᠭᠤᠯᠤᠭ᠍ᠰᠠᠨ ᠲᠤᠰᠤᠨ ᠪᠣᠤᠪᠤ᠂ ᠬᠦᠩᠬᠡᠨᠴᠠᠭᠠᠨ᠎ᠤ ᠦᠯᠡᠳᠡᠭ᠌ᠳᠡᠯ᠎ᠤᠨ ᠬᠡᠮᠵᠢᠶ᠎ᠡ ᠢᠳᠡᠭᠡᠨ᠎ᠤ ᠠᠮᠤᠷ ᠲᠥᠪᠱᠢᠨ᠎ᠦ ᠤᠯᠤᠰ᠎ᠤᠨ ᠪᠠᠷᠢᠮᠵᠢᠶ᠎ᠠ᠎ᠶ᠋ᠢᠨ ᠲᠣᠭ᠍ᠲᠠᠭᠠᠯ᠎ᠳᠤ ᠨᠡᠢᠴᠡᠨ᠎ᠡ᠃ ᠱᠢᠯᠭᠠᠨ ᠪᠠᠢᠴᠠᠭᠠᠭ᠍ᠰᠠᠨ ᠪᠠᠢᠭᠤᠯᠤᠮᠵᠢ ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠢᠯᠡᠳᠭᠦᠨ᠎ᠦ ᠶᠠᠰᠤ ᠴᠢᠨᠠᠷ᠎ᠢ ᠱᠢᠯᠭᠠᠨ ᠪᠠᠢᠴᠠᠭᠠᠬᠤ ᠰᠤᠳᠤᠯᠭᠠᠨ᠎ᠤ ᠬᠦᠷᠢᠶᠡᠯᠡᠩ ᠪᠣᠯᠤᠨ᠎ᠠ᠃

(ᠳᠠᠪᠤ) ᠤᠷᠳᠤᠰ ᠬᠤᠳᠠ᠎ᠶ᠋ᠢᠨ ᠪᠠᠢ ᠵᠢᠶᠠ ᠬᠤᠢ ᠠᠷᠠᠯᠵᠢᠶ᠎ᠠ ᠬᠤᠳᠠᠯᠳᠤᠭᠠᠨ᠎ᠤ ᠬᠢᠵᠠᠭᠠᠷᠳᠤ ᠺᠤᠮᠫᠠᠨᠢ᠎ᠶ᠋ᠢᠨ ᠪᠤᠷᠤᠯᠠᠭᠤᠯᠤᠭ᠍ᠰᠠᠨ ᠤᠷᠳᠤᠰ ᠬᠤᠳᠠ᠎ᠶ᠋ᠢᠨ ᠺᠦᠨ ᠵᠧᠩ ᠢᠳᠡᠭᠡᠨ ᠪᠤᠯᠪᠠᠰᠤᠷᠠᠭᠤᠯᠬᠤ ᠦᠢᠯᠡᠳᠪᠤᠷᠢ᠎ᠶ᠋ᠢᠨ ᠦᠢᠯᠡᠳᠪᠦᠷᠢᠯᠡᠭ᠌ᠰᠡᠨ ᠺᠦᠨ ᠵᠧᠩ ᠹᠧᠨᠲ᠋ᠢᠶᠤᠤᠷ᠂ ᠬᠦᠩᠭᠡᠨᠴᠠᠭᠠᠨ᠎ᠤ ᠦᠯᠡᠳᠡᠭ᠌ᠳᠡᠯ ᠬᠡᠮᠵᠢᠶ᠎ᠡ  (ᠬᠠᠭᠤᠷᠠᠢ ᠦᠯᠢᠭᠡᠷ ᠡᠳ᠋᠂A1᠎ᠪᠠᠷ ᠪᠣᠳᠣᠨ᠎ᠠ)ᠢᠳᠡᠭᠡᠨ᠎ᠤ ᠠᠮᠤᠷ ᠲᠥᠪᠱᠢᠨ᠎ᠦ ᠤᠯᠤᠰ᠎ᠤᠨ ᠪᠠᠷᠢᠮᠵᠢᠶ᠎ᠠ᠎ᠶ᠋ᠢᠨ ᠲᠣᠭ᠍ᠲᠠᠭᠠᠯ᠎ᠳᠤ ᠨᠡᠢᠴᠡᠭ᠌ᠰᠡᠨ ᠨᠦᠭᠡᠢ᠃  ᠱᠢᠯᠭᠠᠨ ᠪᠠᠢᠴᠠᠭᠠᠭ᠍ᠰᠠᠨ ᠪᠠᠢᠭᠤᠯᠤᠮᠵᠢ ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ  ᠣᠢᠯᠡᠳᠭᠦᠨ᠎ᠦ ᠶᠠᠰᠤ ᠴᠢᠨᠠᠷ᠎ᠢ ᠱᠢᠯᠭᠠᠨ ᠪᠠᠢᠴᠠᠭᠠᠬᠤ ᠰᠤᠳᠤᠯᠭᠠᠨ᠎ᠤ ᠬᠦᠷᠢᠶᠡᠯᠡᠩ ᠪᠣᠯᠤᠨ᠎ᠠ᠃

(ᠵᠢᠷᠭᠤᠭ᠎ᠠ) ᠣᠷᠳᠣᠰ ᠬᠤᠲᠠ᠎ᠶ᠋ᠢᠨ ᠦ᠋ ᠮᠧᠶ ᠱᠢᠨ ᠪᠠᠶ ᠬᠡᠲᠦ ᠳᠡᠯᠭᠡᠭᠦᠷ᠎ᠤᠨ ᠬᠢᠵᠠᠭᠠᠷᠲᠤ ᠺᠣᠮᠫᠠᠨᠢ᠎ᠶ᠋ᠢᠨ ᠪᠣᠷᠣᠯᠠᠭᠤᠯᠤᠭ᠍ᠰᠠᠨ ᠡᠮᠦᠨᠡᠲᠦ ᠠᠮᠧᠷᠢᠺᠠ᠎ᠶ᠋ᠢᠨ ᠴᠠᠭᠠᠨ ᠰᠠᠮ  ( ᠳᠠᠯᠠᠢ᠎ᠶ᠋ᠢᠨ ᠣᠰᠣᠨ᠎ᠤ ᠰᠠᠮ)ᠬᠦᠬᠦᠷ᠎ᠦᠨ ᠳᠠᠪᠬᠤᠷ ᠢᠰᠦᠯ᠎ᠦᠨ ᠦᠯᠡᠳᠡᠭ᠌ᠳᠡᠯ ᠬᠡᠮᠵᠢᠶ᠎ᠡ ᠨᠢ ᠢᠳᠡᠭᠡᠨ᠎ᠦ ᠠᠮᠤᠷ ᠲᠦᠪᠱᠢᠨ᠎ᠦ ᠤᠯᠤᠰ᠎ᠤᠨ ᠪᠠᠷᠢᠮᠵᠢᠶ᠎ᠠ᠎ᠶ᠋ᠢᠨ ᠲᠣᠭ᠍ᠲᠠᠭᠠᠯ᠎ᠳᠤ ᠨᠡᠢᠴᠡᠬᠦ᠌ ᠦᠭᠡᠶ᠃ ᠱᠢᠯᠭᠠᠨ ᠪᠠᠢᠴᠠᠭᠠᠭ᠍ᠰᠠᠨ ᠪᠠᠢᠭᠤᠯᠤᠮᠵᠢ ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ  ᠣᠢᠯᠡᠳᠭᠦᠨ᠎ᠦ ᠶᠠᠰᠤ ᠴᠢᠨᠠᠷ᠎ᠢ ᠱᠢᠯᠭᠠᠨ ᠪᠠᠢᠴᠠᠭᠠᠬᠤ ᠰᠤᠳᠤᠯᠭᠠᠨ᠎ᠤ ᠬᠦᠷᠢᠶᠡᠯᠡᠩ ᠪᠣᠯᠤᠨ᠎ᠠ᠃

(ᠳᠣᠯᠤᠭ᠎ᠠ) ᠬᠥᠯᠥᠨ ᠪᠤᠢᠷ ᠬᠤᠲᠠ᠎ᠶ᠋ᠢᠨ ᠮᠠᠨᠵᠤᠤᠷ ᠬᠤᠲᠠ᠎ᠶ᠋ᠢᠨ ᠵᠧᠨ ᠨᠢᠦ ᠮᠠᠯᠵᠢᠯ᠎ᠤᠨ ᠲᠠᠯᠠᠪᠠᠶ᠎ᠶ᠋ᠢᠨ ᠦᠬᠡᠷ᠎ᠤᠨ ᠪᠣᠷᠴᠠ᠎ᠶ᠋ᠢᠨ ᠳᠡᠯᠭᠡᠭᠦᠷ᠎ᠤᠨ ᠪᠣᠷᠣᠯᠠᠭᠤᠯᠤᠨ ᠬᠤᠳᠠᠯᠳᠤᠬᠤ ᠤᠯᠠᠭᠠᠨᠬᠠᠳᠠ ᠬᠤᠲᠠ᠎ᠶ᠋ᠢᠨ ᠥᠪᠥᠷ ᠮᠣᠩᠭᠤᠯ᠎ᠤᠨ᠎ᠶ᠋ᠢᠨ ᠮᠦ᠍ ᠮᠠ ᠠᠷᠢᠬᠢᠨ᠎ᠤ ᠦᠢᠯᠡᠰ᠎ᠤᠨ ᠬᠢᠵᠠᠭᠠᠷᠲᠤ ᠺᠣᠮᠫᠠᠨᠢ᠎ᠶ᠋ᠢᠨ ᠦᠢᠯᠡᠳᠪᠦᠷᠢᠯᠡᠭ᠌ᠰᠡᠨ ᠬᠤᠨᠢᠨ ᠰᠠᠭᠠᠯᠢ᠎ᠶ᠋ᠢᠨ ᠠᠷᠢᠬᠢ᠂ ᠠᠮᠲᠠᠲᠤ ᠪᠠᠯᠲᠤ ᠡᠳ᠋  (ᠴᠠᠭᠠᠷᠢᠭ ᠬᠡᠪ᠎ᠤᠨ ᠱᠢᠪᠲᠦᠷ᠎ᠤᠨ ᠪᠦᠯᠦᠭ᠎ᠤᠨ ᠬᠦᠬᠦᠷᠲᠦ ᠬᠦᠴᠢᠯ᠎ᠢᠶᠡᠷ ᠪᠤᠳᠤᠨ᠎ᠠ) ᠨᠢ ᠢᠳᠡᠭᠡᠨ᠎ᠤ ᠠᠮᠤᠷ ᠲᠥᠪᠱᠢᠨ᠎ᠦ ᠤᠯᠤᠰ᠎ᠤᠨ ᠪᠠᠷᠢᠮᠵᠢᠶ᠎ᠠ᠎ᠶ᠋ᠢᠨ ᠲᠣᠭ᠍ᠲᠠᠭᠠᠯ᠎ᠳᠤ ᠨᠡᠢᠴᠡᠭ᠌ᠰᠡᠨ᠎ᠦᠭᠡᠢ᠃ ᠱᠢᠯᠭᠠᠨ ᠪᠠᠢᠴᠠᠭᠠᠭ᠍ᠰᠠᠨ ᠪᠠᠢᠭᠤᠯᠤᠮᠵᠢ᠎ᠨᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠬᠢᠨᠠᠨ ᠦᠨᠡᠯᠡᠬᠦ᠌ ᠪᠠᠢᠴᠠᠭᠠᠨ ᠱᠢᠯᠭᠠᠬᠤ ᠲᠥᠪ ᠪᠣᠯᠤᠨ᠎ᠠ᠃

(ᠨᠠᠢ᠍ᠮᠠ) ᠲᠦᠩᠯᠢᠶᠣᠤ ᠬᠤᠲᠠ᠎ᠶ᠋ᠢᠨ ᠠᠵᠤ ᠠᠬᠤᠶ ᠮᠡᠷᠭᠡᠵᠢᠯ᠎ᠤᠨ ᠨᠡᠭᠡᠭᠡᠯᠲᠡ᠎ᠶ᠋ᠢᠨ ᠲᠣᠭᠤᠷᠢᠭ᠎ᠤᠨ ᠮᠧᠶ ᠯᠢᠶᠠᠨ ᠵᠢᠶᠠ ᠬᠡᠲᠦ ᠳᠡᠯᠭᠡᠭᠦᠷ᠎ᠤᠨ ᠵᠢᠩ ᠬᠠᠨ ᠭᠤᠷᠪᠠᠳᠤᠭᠠᠷ ᠬᠤᠭᠤᠴᠠᠭᠠᠨ᠎ᠤ ᠳᠡᠯᠭᠡᠭᠦᠷ᠎ᠤᠨ ᠪᠣᠷᠣᠯᠠᠭᠤᠯᠤᠨ ᠬᠤᠳᠠᠯᠳᠤᠬᠤ ᠲᠦᠩᠯᠢᠶᠣᠤ ᠬᠤᠲᠠ᠎ᠶ᠋ᠢᠨ ᠱᠢᠶᠣᠣ ᠰᠧ ᠢᠳᠡᠭᠡᠨ ᠪᠣᠯᠪᠠᠰᠤᠷᠠᠭᠤᠯᠬᠤ ᠦᠢᠯᠡᠳᠪᠦᠷᠢ᠎ᠶ᠋ᠢᠨ ᠦᠢᠯᠡᠳᠪᠦᠷᠢᠯᠡᠭ᠌ᠰᠡᠨ ᠵᠡᠭᠦᠨ ᠬᠤᠢᠲᠤ᠎ᠶ᠋ᠢᠨ ᠹᠸᠨᠫᠢ᠂ ᠬᠥᠩᠭᠡᠨᠴᠠᠭᠠᠨ᠎ᠤ ᠦᠯᠡᠳᠡᠭ᠌ᠳᠡᠯ ᠬᠡᠮᠵᠢᠶ᠎ᠡ  (ᠬᠠᠭᠤᠷᠠᠢ ᠦᠯᠢᠭᠡᠷ ᠡᠳ᠋᠂ A1 ᠎ᠪᠠᠷ ᠪᠣᠳᠣᠨ᠎ᠠ) ᠨᠢ ᠢᠳᠡᠭᠡᠨ᠎ᠤ ᠠᠮᠤᠷ ᠲᠥᠪᠱᠢᠨ᠎ᠦ ᠤᠯᠤᠰ᠎ᠤᠨ ᠪᠠᠷᠢᠮᠵᠢᠶ᠎ᠠ᠎ᠶ᠋ᠢᠨ ᠲᠣᠭ᠍ᠲᠠᠭᠠᠯ ᠎ᠳᠤ ᠨᠡᠢᠴᠡᠭ᠌ᠰᠡᠨ᠎ᠦᠭᠡᠢ᠃ ᠱᠢᠯᠭᠠᠨ ᠪᠠᠢᠴᠠᠭᠠᠭ᠍ᠰᠠᠨ ᠪᠠᠢᠭᠤᠯᠤᠮᠵᠢ ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠢᠯᠡᠳᠭᠦᠨ᠎ᠦ ᠶᠠᠰᠤ ᠴᠢᠨᠠᠷ᠎ᠢ ᠱᠢᠯᠭᠠᠨ ᠪᠠᠢᠴᠠᠭᠠᠬᠤ ᠰᠤᠳᠤᠯᠭᠠᠨ᠎ᠤ ᠬᠦᠷᠢᠶᠡᠯᠡᠩ ᠪᠣᠯᠤᠨ᠎ᠠ᠃

(ᠶᠢᠰᠦ) ᠲᠦᠩᠯᠢᠶᠣᠤ ᠬᠤᠲᠠ᠎ᠶ᠋ᠢᠨ ᠠᠵᠤ ᠠᠬᠤᠶ ᠮᠡᠷᠭᠡᠵᠢᠯ᠎ᠤᠨ ᠨᠡᠭᠡᠭᠡᠯᠲᠡ᠎ᠶ᠋ᠢᠨ ᠲᠣᠭᠤᠷᠢᠭ᠎ᠤᠨ ᠴᠢ ᠹᠦ᠋ ᠱᠧᠩ ᠱᠢᠨ᠎ᠡ ᠰᠣᠷᠭᠣᠭ ᠢᠳᠡᠭᠡᠨ᠎ᠤ ᠬᠡᠲᠦ ᠳᠡᠯᠭᠡᠭᠦᠷ᠎ᠤᠨ ᠪᠣᠷᠣᠯᠠᠭᠤᠯᠤᠭ᠍ᠰᠠᠨ ᠲᠦᠩᠯᠢᠶᠣᠤ ᠬᠤᠲᠠ᠎ᠶ᠋ᠢᠨ ᠱᠢᠶᠣᠣ ᠰᠧ ᠢᠳᠡᠭᠡᠨ ᠪᠣᠯᠪᠠᠰᠤᠷᠠᠭᠤᠯᠬᠤ ᠦᠢᠯᠡᠳᠪᠦᠷᠢ᠎ᠶ᠋ᠢᠨ ᠦᠢᠯᠡᠳᠪᠦᠷᠢᠯᠡᠭ᠌ᠰᠡᠨ ᠵᠡᠭᠦᠨ ᠬᠤᠢᠲᠤ᠎ᠶ᠋ᠢᠨ ᠹᠸᠨᠫᠢ᠂ ᠬᠥᠩᠭᠡᠨ ᠴᠠᠭᠠᠨ᠎ᠤ ᠦᠯᠡᠳᠡᠭ᠌ᠳᠡᠯ ᠬᠡᠮᠵᠢᠶ᠎ᠡ (ᠬᠠᠭᠤᠷᠠᠢ ᠦᠯᠢᠭᠡᠷ ᠡᠳ᠋᠂A1᠎ᠪᠠᠷ ᠪᠣᠳᠣᠨ᠎ᠠ) ᠨᠢ ᠢᠳᠡᠭᠡᠨ᠎ᠤ ᠠᠮᠤᠷ ᠲᠥᠪᠱᠢᠨ᠎ᠦ ᠤᠯᠤᠰ᠎ᠤᠨ ᠪᠠᠷᠢᠮᠵᠢᠶ᠎ᠠ᠎ᠶ᠋ᠢᠨ ᠲᠣᠭ᠍ᠲᠠᠭᠠᠯ᠎ᠳᠤ ᠨᠡᠢᠴᠡᠭ᠌ᠰᠡᠨ᠎ᠦᠭᠡᠢ᠃ ᠱᠢᠯᠭᠠᠨ ᠪᠠᠢᠴᠠᠭᠠᠭ᠍ᠰᠠᠨ ᠪᠠᠢᠭᠤᠯᠤᠮᠵᠢ ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ  ᠣᠢᠯᠡᠳᠭᠦᠨ᠎ᠦ ᠶᠠᠰᠤ ᠴᠢᠨᠠᠷ᠎ᠢ ᠱᠢᠯᠭᠠᠨ ᠪᠠᠢᠴᠠᠭᠠᠬᠤ ᠰᠤᠳᠤᠯᠭᠠᠨ᠎ᠤ ᠬᠦᠷᠢᠶᠡᠯᠡᠩ ᠪᠣᠯᠤᠨ᠎ᠠ᠃

ᠭᠤᠷᠪᠠ᠂ ᠲᠠᠷᠢᠶᠠᠯᠠᠩ᠂ ᠮᠠᠯ᠎ᠤᠨ ᠡᠮ᠎ᠤᠨ ᠦᠯᠡᠳᠡᠭ᠌ᠳᠡᠯ ᠪᠠᠷᠢᠮᠵᠢᠶ᠎ᠠ᠎ᠠᠴᠠ ᠬᠡᠲᠦᠷᠡᠭ᠌ᠰᠡᠨ ᠠᠰᠠᠭᠤᠳᠠᠯ

(ᠨᠢᠭᠡ) ᠦᠬᠠᠶ ᠬᠤᠲᠠ᠎ᠶ᠋ᠢᠨ ᠱᠢᠨ ᠮᠧᠶ ᠬᠤᠳᠠᠯᠳᠤᠭᠠᠨ᠎ᠤ ᠬᠠᠮᠢᠶᠠᠷᠤᠯᠲᠠ᠎ᠶ᠋ᠢᠨ ᠬᠢᠵᠠᠭᠠᠷᠲᠤ ᠺᠣᠮᠫᠠᠨᠢ᠎ᠶ᠋ᠢᠨ ᠨᠢᠭᠡᠳᠦᠭᠡᠷ ᠬᠤᠪᠢᠶᠠᠷᠢ ᠺᠣᠮᠫᠠᠨᠢ᠎ᠶ᠋ᠢᠨ ᠪᠣᠷᠣᠯᠠᠭᠤᠯᠤᠭ᠍ᠰᠠᠨ ᠲᠣᠮᠣ ᠰᠣᠩᠭᠢᠨ᠎ᠠ ᠎ᠶ᠋ᠢᠨ ᠬᠣᠷᠣᠬᠠᠢ ᠠᠯᠠᠬᠤ ᠡᠮ ᠨᠢ ᠢᠳᠡᠭᠡᠨ᠎ᠤ ᠠᠮᠤᠷ ᠲᠦᠪᠱᠢᠨ᠎ᠤ ᠤᠯᠤᠰ᠎ᠤᠨ ᠪᠠᠷᠢᠮᠵᠢᠶ᠎ᠠ ᠎ᠶ᠋ᠢᠨ ᠲᠣᠭ᠍ᠲᠠᠭᠠᠯ᠎ᠳᠤ ᠨᠡᠢᠴᠡᠭ᠌ᠰᠡᠨ ᠥᠬᠡᠶ ᠃ ᠱᠢᠯᠭᠠᠨ  ᠪᠠᠢᠴᠠᠭᠠᠭ᠍ᠰᠠᠨ ᠪᠠᠢᠭᠤᠯᠤᠮᠵᠢ ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠢᠯᠡᠳᠭᠦᠨ᠎ᠦ ᠶᠠᠰᠤ ᠴᠢᠨᠠᠷ᠎ᠢ ᠱᠢᠯᠭᠠᠨ ᠪᠠᠢᠴᠠᠭᠠᠬᠤ ᠰᠤᠳᠤᠯᠭᠠᠨ᠎ᠤ ᠬᠦᠷᠢᠶᠡᠯᠡᠩ ᠪᠣᠯᠤᠨ᠎ᠠ᠃

(ᠬᠤᠶᠠᠷ) ᠱᠢᠯᠢ᠎ᠶᠢᠨ ᠭᠣᠣᠯ ᠠᠢᠮᠠᠭ᠎ᠤ᠋ᠨ  ᠱᠢᠯᠢᠩᠬᠣᠲᠠ᠎ᠶᠢᠨ ᠹᠦ᠌ ᠭᠦᠸᠧ  ᠱᠢᠨ᠎ᠡ ᠰᠣᠷᠭᠣᠭ ᠢᠳᠡᠭᠡᠨ᠎ᠦ᠌ ᠬᠡᠳᠦ ᠳᠡᠯᠭᠡᠭᠦᠷ᠎ᠦ᠋ᠨ ᠪᠣᠷᠣᠯᠠᠭᠤᠯᠤᠭ᠍ᠰᠠᠨ ᠪᠥᠭᠡᠷᠡᠩᠬᠡᠢ ᠬᠠᠰᠢ ᠎ᠶ᠋ᠢᠨ ᠬᠣᠷᠣᠬᠠᠢ ᠠᠯᠠᠬᠤ ᠡᠮ ᠨᠢ ᠢᠳᠡᠭᠡᠨ᠎ᠦ᠌ ᠠᠮᠤᠷ  ᠲᠦᠪᠱᠢᠨ᠎ᠦ᠌ ᠤᠯᠤᠰ᠎ᠤ᠋ᠨ ᠪᠠᠷᠢᠮᠵᠢᠶ᠎ᠠ᠎ᠶ᠋ᠢᠨ ᠲᠣᠭ᠍ᠲᠠᠭᠠᠯ᠎ᠤᠨ  ᠨᠡᠢᠴᠡᠭ᠌ᠰᠡᠨ ᠥᠬᠡᠢ᠃ ᠱᠢᠯᠭᠠᠨ ᠪᠠᠢᠴᠠᠭᠠᠭ᠍ᠰᠠᠨ ᠪᠠᠢᠭᠤᠯᠤᠮᠵᠢ ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠢᠯᠡᠳᠭᠦᠨ᠎ᠦ ᠶᠠᠰᠤ ᠴᠢᠨᠠᠷ᠎ᠢ ᠱᠢᠯᠭᠠᠨ ᠪᠠᠢᠴᠠᠭᠠᠬᠤ ᠰᠤᠳᠤᠯᠭᠠᠨ᠎ᠤ ᠬᠦᠷᠢᠶᠡᠯᠡᠩ ᠪᠣᠯᠤᠨ᠎ᠠ᠃

(ᠭᠤᠷᠪᠠ) ᠱᠢᠯᠢ ᠎ᠶᠢᠨ ᠭᠣᠣᠯ ᠠᠢᠮᠠᠭ᠎ᠤ᠋ᠨ ᠡᠷᠢᠶᠡᠨ ᠬᠣᠲᠠ᠎ᠶᠢᠨ ᠮᠧᠩ ᠺᠧ ᠯᠦᠩ ᠵᠢᠮᠢᠰ ᠢᠳᠡᠱᠢᠨ ᠨᠣᠭᠣᠭ᠎ᠠ᠎ᠶᠢᠨ ᠬᠡᠳᠦ ᠳᠡᠯᠭᠡᠭᠦᠷ᠎ᠦ᠋ᠨ ᠪᠣᠷᠣᠯᠠᠭᠤᠯᠤᠨ ᠬᠤᠳᠠᠯᠳᠤᠭ᠍ᠰᠠᠨ ᠲᠣᠮᠣ ᠰᠣᠩᠭᠢᠨ᠎ᠠ᠎ᠶ᠋ᠢᠨ ᠬᠣᠷᠣᠬᠠᠢ ᠠᠯᠠᠬᠤ ᠡᠮ ᠨᠢ ᠢᠳᠡᠭᠡᠨ᠎ᠦ᠌ ᠠᠮᠤᠷ  ᠲᠦᠪᠱᠢᠨ᠎ᠦ᠌ ᠤᠯᠤᠰ᠎ᠤ᠋ᠨ ᠪᠠᠷᠢᠮᠵᠢᠶ᠎ᠠ᠎ᠶᠢᠨ ᠲᠣᠭ᠍ᠲᠠᠭᠠᠯ᠎ᠳ᠋ᠤ ᠨᠡᠢᠴᠡᠭ᠌ᠰᠡᠨ ᠦᠭᠡᠢ᠃  ᠱᠢᠯᠭᠠᠨ ᠪᠠᠢᠴᠠᠭᠠᠭ᠍ᠰᠠᠨ ᠪᠠᠢᠭᠤᠯᠤᠮᠵᠢ ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ  ᠣᠢᠯᠡᠳᠭᠦᠨ᠎ᠦ ᠶᠠᠰᠤ ᠴᠢᠨᠠᠷ᠎ᠢ ᠱᠢᠯᠭᠠᠨ ᠪᠠᠢᠴᠠᠭᠠᠬᠤ ᠰᠤᠳᠤᠯᠭᠠᠨ᠎ᠤ ᠬᠦᠷᠢᠶᠡᠯᠡᠩ ᠪᠣᠯᠤᠨ᠎ᠠ᠃

(ᠲᠦᠷᠪᠡ) ᠦᠬᠠᠢ ᠬᠣᠲᠠ᠎ᠶᠢᠨ ᠬᠠᠢᠷᠤᠪ᠎ᠤ᠋ᠨ ᠲᠣᠬᠣᠢ ᠲᠣᠭᠣᠷᠢᠭ᠎ᠤ᠋ᠨ ᠹᠧᠨ ᠹᠠᠩ  ᠢᠳᠡᠱᠢᠨ ᠨᠣᠭᠣᠭ᠎ᠠ ᠪᠥᠭᠡᠮ᠎ᠢᠶᠡᠷ ᠬᠤᠳᠠᠯᠳᠤᠬᠤ ᠪᠠ ᠵᠢᠵᠢᠭ᠌ᠯᠡᠨ ᠬᠤᠳᠠᠯᠳᠤᠬᠤ ᠭᠠᠵᠠᠷ᠎ᠤ᠋ᠨ ᠪᠣᠷᠣᠯᠠᠭᠤᠯᠵᠤ ᠪᠠᠢᠭ᠎ᠠ ᠤᠷᠲᠤ ᠪᠤᠷᠴᠠᠭ᠎ᠤ᠋ᠨ  ᠬᠣᠷᠣᠬᠠᠢ ᠠᠯᠠᠬᠤ ᠡᠮ ᠨᠢ ᠢᠳᠡᠭᠡᠨ᠎ᠦ᠌ ᠠᠮᠤᠷ  ᠲᠦᠪᠱᠢᠨ᠎ᠦ᠌ ᠤᠯᠤᠰ᠎ᠤ᠋ᠨ ᠪᠠᠷᠢᠮᠵᠢᠶ᠎ᠠ᠎ᠶᠢᠨ ᠲᠣᠭ᠍ᠲᠠᠭᠠᠯ᠎ᠳ᠋ᠤ  ᠨᠡᠢᠴᠡᠭ᠌ᠰᠡᠨ ᠦᠭᠡᠢ᠃ ᠱᠢᠯᠭᠠᠨ ᠪᠠᠢᠴᠠᠭᠠᠭ᠍ᠰᠠᠨ ᠪᠠᠢᠭᠤᠯᠤᠮᠵᠢ ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ  ᠣᠢᠯᠡᠳᠭᠦᠨ᠎ᠦ ᠶᠠᠰᠤ ᠴᠢᠨᠠᠷ᠎ᠢ ᠱᠢᠯᠭᠠᠨ ᠪᠠᠢᠴᠠᠭᠠᠬᠤ ᠰᠤᠳᠤᠯᠭᠠᠨ᠎ᠤ ᠬᠦᠷᠢᠶᠡᠯᠡᠩ ᠪᠣᠯᠤᠨ᠎ᠠ᠃

(ᠲᠠᠪᠤ) ᠱᠢᠯᠢ᠎ᠶᠢᠨ ᠭᠣᠣᠯ ᠠᠢᠮᠠᠭ᠎ᠤ᠋ᠨ ᠡᠷᠢᠶᠡᠨ ᠬᠣᠲᠠ᠎ᠶᠢᠨ ᠮᠧᠩ ᠺᠧ ᠯᠦᠩ ᠠᠷᠠᠯᠵᠢᠶ᠎ᠠ ᠬᠤᠳᠠᠯᠳᠤᠭᠠᠨ᠎ᠤ᠋ ᠬᠣᠯᠪᠣᠭᠠᠲᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶᠢᠨ ᠪᠣᠷᠣᠯᠠᠭᠤᠯᠵᠤ ᠪᠠᠢᠭ᠎ᠠ ᠭᠠ᠎ᠶ᠋ᠢᠨ ᠬᠣᠷᠣᠬᠠᠢ ᠠᠯᠠᠬᠤ ᠡᠮ ᠨᠢ ᠢᠳᠡᠭᠡᠨ᠎ᠦ᠌ ᠠᠮᠤᠷ ᠲᠦᠪᠱᠢᠨ᠎ᠦ᠌ ᠤᠯᠤᠰ᠎ᠤ᠋ᠨ ᠪᠠᠷᠢᠮᠵᠢᠶ᠎ᠠ᠎ᠶᠢᠨ ᠲᠣᠭ᠍ᠲᠠᠭᠠᠯ᠎ᠳ᠋ᠤ ᠨᠡᠢᠴᠡᠭ᠌ᠰᠡᠨ ᠥᠬᠡᠢ᠃ ᠱᠢᠯᠭᠠᠨ ᠪᠠᠢᠴᠠᠭᠠᠭ᠍ᠰᠠᠨ ᠪᠠᠢᠭᠤᠯᠤᠮᠵᠢ ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ  ᠣᠢᠯᠡᠳᠭᠦᠨ᠎ᠦ ᠶᠠᠰᠤ ᠴᠢᠨᠠᠷ᠎ᠢ ᠱᠢᠯᠭᠠᠨ ᠪᠠᠢᠴᠠᠭᠠᠬᠤ ᠰᠤᠳᠤᠯᠭᠠᠨ᠎ᠤ ᠬᠦᠷᠢᠶᠡᠯᠡᠩ ᠪᠣᠯᠤᠨ᠎ᠠ᠃

(ᠵᠢᠷᠭᠤᠭ᠎ᠠ) ᠦᠬᠠᠶ᠎ᠶ᠋ᠢᠨ ᠱᠢᠨ ᠮᠧᠶ ᠬᠤᠳᠠᠯᠳᠤᠭᠠᠨ᠎ᠤ ᠬᠠᠮᠢᠶᠠᠷᠤᠯᠲᠠ᠎ᠶ᠋ᠢᠨ ᠬᠢᠵᠠᠭᠠᠷᠲᠤ ᠺᠣᠮᠫᠠᠨᠢ᠎ᠶ᠋ᠢᠨ ᠨᠡᠢᠳᠡᠮ ᠬᠡᠷᠡᠭ᠌ᠯᠡᠬᠦ᠌ ᠬᠤᠪᠢᠶᠠᠷᠢ ᠺᠣᠮᠫᠠᠨᠢ᠎ᠶ᠋ᠢᠨ ᠪᠣᠷᠣᠯᠠᠭᠤᠯᠵᠤ ᠪᠠᠢᠭ᠎ᠠ ᠱᠢᠨ᠎ᠡ ᠰᠣᠷᠭᠤᠭ ᠴᠢᠯᠠᠭᠤᠨ ᠳᠡᠭ᠌ᠳᠡᠭᠡ᠂ ᠧᠨ ᠨᠦᠸᠧ ᠱᠠ ᠱᠢᠩ ᠢᠳᠡᠭᠡᠨ᠎ᠤ ᠠᠮᠤᠷ ᠲᠦᠪᠱᠢᠨ᠎ᠤ ᠤᠯᠤᠰ᠎ᠤᠨ ᠪᠠᠷᠢᠮᠵᠢᠶ᠎ᠠ ᠎ᠶ᠋ᠢᠨ ᠲᠣᠭ᠍ᠲᠠᠭᠠᠯ᠎ᠳᠤ ᠨᠡᠢᠴᠡᠭ᠌ᠰᠡᠨ ᠥᠬᠡᠶ᠃ ᠱᠢᠯᠭᠠᠨ ᠪᠠᠢᠴᠠᠭᠠᠬᠤ ᠪᠠᠢᠭᠤᠯᠤᠮᠵᠢ ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ  ᠣᠢᠯᠡᠳᠭᠦᠨ᠎ᠦ ᠶᠠᠰᠤ ᠴᠢᠨᠠᠷ᠎ᠢ ᠱᠢᠯᠭᠠᠨ ᠪᠠᠢᠴᠠᠭᠠᠬᠤ ᠰᠤᠳᠤᠯᠭᠠᠨ᠎ᠤ ᠬᠦᠷᠢᠶᠡᠯᠡᠩ ᠪᠣᠯᠤᠨ᠎ᠠ᠃

ᠲᠦᠷᠪᠡ᠂ ᠪᠤᠬᠢᠷᠳᠤᠯ ᠪᠤᠳᠠᠰ ᠪᠠᠷᠢᠮᠵᠢᠶ᠎ᠠ᠎ᠠᠴᠠ ᠲᠠᠪᠠᠭ᠍ᠰᠠᠨ ᠠᠰᠠᠭᠤᠳᠠᠯ

(ᠨᠢᠭᠡ) ᠱᠢᠯᠢ᠎ᠶ᠋ᠢᠨ ᠭᠤᠤᠯ ᠠᠢᠮᠠᠭ᠎ᠤᠨ ᠡᠷᠢᠶᠡᠨ ᠬᠤᠲᠠ᠎ᠶ᠋ᠢᠨ ᠵᠢᠶ ᠫᠢᠨ ᠾᠧ ᠱᠢᠷᠠᠮᠠᠯ ᠪᠣᠤᠪᠤ᠎ᠶ᠋ᠢᠨ ᠳᠡᠯᠭᠡᠭᠦᠷ᠎ᠲᠤ ᠬᠡᠷᠡᠭ᠌ᠯᠡᠭ᠌ᠰᠡᠨ ᠴᠣᠮᠣ (ᠥᠪᠡᠰᠦᠪᠡᠨ ᠠᠷᠢᠭᠤᠳᠭᠠᠬᠤ)᠂ ᠪᠢᠯᠢᠭ ᠢᠶᠤᠨ᠎ᠤ ᠨᠡᠢᠯᠡᠯᠭᠡ ᠤᠬᠢᠶᠠᠯᠭ᠎ᠠ᠎ᠶ᠋ᠢᠨ ᠡᠳ᠋ (ᠠᠷᠪᠠᠨ ᠬᠤᠶᠠᠷ ᠠᠯᠺᠢᠯᠪᠧᠨᠽᠧᠨ᠎ᠤ ᠬᠦᠬᠦᠷᠲᠦ ᠬᠦᠴᠢᠯ᠎ᠤᠨ ᠨᠠᠲᠷᠢ᠎ᠢᠶᠡᠷ ᠪᠣᠳᠣᠨ᠎ᠠ) ᠨᠢ ᠢᠳᠡᠭᠡᠨ᠎ᠤ ᠠᠮᠤᠷ ᠲᠥᠪᠱᠢᠨ᠎ᠦ ᠤᠯᠤᠰ᠎ᠤᠨ ᠪᠠᠷᠢᠮᠵᠢᠶ᠎ᠠ᠎ᠶ᠋ᠢᠨ ᠲᠣᠭ᠍ᠲᠠᠭᠠᠯ᠎ᠳᠤ ᠨᠡᠢᠴᠡᠭ᠌ᠰᠡᠨ ᠦᠭᠡᠢ᠃ ᠱᠢᠯᠭᠠᠨ ᠪᠠᠢᠴᠠᠭᠠᠭ᠍ᠰᠠᠨ ᠪᠠᠢᠭᠤᠯᠤᠮᠵᠢ ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ  ᠣᠢᠯᠡᠳᠭᠦᠨ᠎ᠦ ᠶᠠᠰᠤ ᠴᠢᠨᠠᠷ᠎ᠢ ᠱᠢᠯᠭᠠᠨ ᠪᠠᠢᠴᠠᠭᠠᠬᠤ ᠰᠤᠳᠤᠯᠭᠠᠨ᠎ᠤ ᠬᠦᠷᠢᠶᠡᠯᠡᠩ ᠪᠣᠯᠤᠨ᠎ᠠ᠃

(ᠬᠤᠶᠠᠷ) ᠱᠢᠯᠢ᠎ᠶ᠋ᠢᠨ ᠭᠤᠤᠯ ᠠᠢᠮᠠᠭ᠎ᠤᠨ ᠡᠷᠢᠶᠡᠨ ᠬᠤᠲᠠ᠎ᠶ᠋ᠢᠨ ᠶᠦᠩ ᠵᠢᠶ  ᠪᠠ ᠠᠮᠲᠠᠲᠤ ᠪᠤᠷᠴᠠᠭ᠎ᠤᠨ ᠳ᠋ᠠ ᠸᠠᠩ ᠮᠢᠩ ᠳ᠋ᠡ ᠳᠡᠯᠭᠡᠭᠦᠷ᠎ᠲᠤ ᠬᠡᠷᠡᠭ᠌ᠯᠡᠭ᠌ᠰᠡᠨ ᠠᠶᠠᠭ᠎ᠠ  (ᠥᠪᠡᠰᠦᠪᠡᠨ ᠠᠷᠢᠭᠤᠳᠭᠠᠬᠤ)᠂ ᠪᠢᠯᠢᠭ ᠢᠶᠤᠨ᠎ᠤ ᠨᠡᠢᠯᠡᠮᠡᠯ ᠤᠬᠢᠶᠠᠯᠭ᠎ᠠ᠎ᠶ᠋ᠢᠨ ᠡᠳ᠋  (ᠠᠷᠪᠠᠨ ᠬᠤᠶᠠᠷ ᠠᠯᠺᠢᠯᠪᠧᠨᠽᠧᠨ᠎ᠤ ᠬᠦᠬᠦᠷᠲᠦ ᠬᠦᠴᠢᠯ᠎ᠤᠨ ᠨᠠᠲᠷᠢ᠎ᠢᠶᠡᠷ ᠪᠣᠳᠣᠨ᠎ᠠ) ᠨᠢ ᠢᠳᠡᠭᠡᠨ᠎ᠤ ᠠᠮᠤᠷ ᠲᠥᠪᠱᠢᠨ᠎ᠦ ᠤᠯᠤᠰ᠎ᠤᠨ ᠪᠠᠷᠢᠮᠵᠢᠶ᠎ᠠ᠎ᠶ᠋ᠢᠨ ᠲᠣᠭ᠍ᠲᠠᠭᠠᠯ᠎ᠳᠤ ᠨᠡᠢᠴᠡᠭ᠌ᠰᠡᠨ ᠦᠭᠡᠢ᠃ ᠱᠢᠯᠭᠠᠨ ᠪᠠᠢᠴᠠᠭᠠᠭ᠍ᠰᠠᠨ ᠪᠠᠢᠭᠤᠯᠤᠮᠵᠢ ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ  ᠣᠢᠯᠡᠳᠭᠦᠨ᠎ᠦ ᠶᠠᠰᠤ ᠴᠢᠨᠠᠷ᠎ᠢ ᠱᠢᠯᠭᠠᠨ ᠪᠠᠢᠴᠠᠭᠠᠬᠤ ᠰᠤᠳᠤᠯᠭᠠᠨ᠎ᠤ ᠬᠦᠷᠢᠶᠡᠯᠡᠩ ᠪᠣᠯᠤᠨ᠎ᠠ᠃

ᠲᠠᠪᠤ᠂ ᠮᠢᠺᠷᠣᠪ᠎ᠤᠨ ᠪᠣᠬᠢᠷᠲᠤᠯ᠎ᠤᠨ ᠠᠰᠠᠭᠤᠳᠠᠯ

(ᠨᠢᠭᠡ) ᠬᠥᠯᠥᠨ ᠪᠤᠢᠷ ᠬᠤᠲᠠ᠎ᠶ᠋ᠢᠨ ᠮᠠᠨᠵᠤᠤᠷ᠎ᠤᠨ ᠶᠢᠦ ᠢ ᠠᠷᠠᠯᠵᠢᠶ᠎ᠠ ᠬᠤᠳᠠᠯᠳᠤᠭᠠᠨ᠎ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶ᠋ᠢᠨ ᠪᠣᠷᠣᠯᠠᠭᠤᠯᠤᠭ᠍ᠰᠠᠨ ᠬᠥᠬᠡᠬᠤᠲᠠ᠎ᠶ᠋ᠢᠨ ᠥᠪᠥᠷ ᠮᠣᠩᠭᠤᠯ᠎ᠤᠨ ᡁᠢ ᠵᠧᠨ ᠰᠦ᠎ᠶ᠋ᠢᠨ ᠦᠢᠯᠡᠰ᠎ᠤᠨ ᠬᠢᠵᠠᠭᠠᠷᠲᠤ ᠺᠣᠮᠫᠠᠨᠢ᠎ᠶ᠋ᠢᠨ ᠦᠢᠯᠡᠳᠪᠦᠷᠢᠯᠡᠭ᠌ᠰᠡᠨ ᠮᠣᠩᠭᠤᠯ ᠴᠠᠢ (ᠳᠠᠱᠢᠭᠣᠨ ᠠᠮᠲᠠᠲᠦ) ᠨᠢ ᠪᠠᠺᠲ᠋ᠧᠷᠢ᠎ᠶ᠋ᠢᠨ ᠪᠠᠭ᠎ᠤᠨ ᠶᠡᠷᠦᠩᠬᠡᠢ ᠲᠣᠭ᠎ᠠ ᠨᠢ ᠢᠳᠡᠭᠡᠨ᠎ᠤ ᠠᠮᠤᠷ ᠲᠥᠪᠱᠢᠨ᠎ᠦ ᠤᠯᠤᠰ᠎ᠤᠨ ᠪᠠᠷᠢᠮᠵᠢᠶ᠎ᠠ᠎ᠶ᠋ᠢᠨ ᠲᠣᠭ᠍ᠲᠠᠭᠠᠯ᠎ᠳᠤ ᠨᠡᠢᠴᠡᠭ᠌ᠰᠡᠨ᠎ᠦᠭᠡᠢ᠃ ᠱᠢᠯᠭᠠᠨ ᠪᠠᠢᠴᠠᠭᠠᠭ᠍ᠰᠠᠨ ᠪᠠᠢᠭᠤᠯᠤᠮᠵᠢ᠎ᠨᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠬᠢᠨᠠᠨ ᠦᠨᠡᠯᠡᠬᠦ᠌ ᠪᠠᠢᠴᠠᠭᠠᠨ ᠱᠢᠯᠭᠠᠬᠤ ᠲᠥᠪ ᠪᠣᠯᠤᠨ᠎ᠠ᠃

ᠡᠭᠦᠨ᠎ᠤ ᠲᠤᠯᠠ ᠣᠨᠴᠠᠭᠠᠢᠯᠠᠨ ᠵᠠᠷᠯᠠᠪᠠ᠃

 

ᠳᠠᠭᠠᠯᠳᠤᠭᠤᠯᠤᠯ ᠄

1. ᠬᠢᠷᠢ ᠲᠡᠩᠴᠡᠭ᠌ᠰᠡᠨ ᠦᠢᠯᠡᠳᠬᠦᠨ᠎ᠦ ᠮᠡᠳᠡᠭᠡ ᠵᠠᠩᠭᠢ

2.ᠬᠢᠷᠢ ᠲᠡᠩᠴᠡᠭ᠌ᠰᠡᠨ ᠦᠭᠡᠶ ᠦᠢᠯᠡᠳᠬᠦᠨ᠎ᠦ ᠮᠡᠳᠡᠭᠡ ᠵᠠᠩᠭᠢ

3.ᠬᠡᠰᠡᠭ ᠬᠢᠷᠢ ᠲᠡᠩᠴᠡᠭ᠌ᠰᠡᠨ ᠦᠭᠡᠢ ᠱᠢᠯᠭᠠᠨ  ᠪᠠᠢᠴᠠᠭᠠᠬᠤ ᠲᠥᠷᠥᠯ ᠵᠦᠢᠯ᠎ᠤᠨ ᠵᠢᠵᠢᠭ ᠮᠡᠳᠡᠯᠭᠡ


        ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠤᠪᠴᠢᠶ᠎ᠠ
                      2025 ᠣᠨ᠎ᠤ 9 ᠳ᠋ᠤᠭᠡᠷ ᠰᠠᠷ᠎ᠠ᠎ᠶ᠋ᠢᠨ 17 ᠎ᠤ ᠡᠳᠦᠷ

ᠠᠩᠬᠠᠨ᠎ᠤ ᠬᠢᠨᠠᠭ᠍ᠴᠢ᠄  ᠸᠠᠩ  

     

     

ᠢᠷᠡᠯᠲᠡ᠄ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠤᠪᠴᠢᠶ᠎ᠠ
Baidu
map