2025 ᠣᠨ᠎ᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ (ᠭᠤᠷᠪᠠ)
ᠨᠡᠶ᠋ᠢᠲᠡᠯᠡᠭᠰᠡᠨ ᠴᠠᠭ᠄ 2025-03-17

    ᠭᠤᠷᠪᠠ᠂ ᠵᠠᠰᠠᠭ᠎ᠤᠨ ᠣᠷᠳᠣᠨ᠎ᠤ ᠲᠤᠰ ᠪᠡᠶ᠎ᠡ ᠵᠢᠨ ᠪᠦᠲᠦᠭᠡᠨ ᠪᠠᠶ᠋ᠢᠭᠤᠯᠤᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠨ᠎ᠠ
     ᠲᠥᠯᠥᠭᠡᠯᠡᠭᠴᠢᠳ ᠡ᠂ ᠬᠣᠲᠠ ᠵᠢᠨ ᠵᠠᠰᠠᠭ᠎ᠤᠨ ᠣᠷᠳᠣᠨ᠎ᠨᠢ ᠲᠣᠭᠲᠠᠴᠠ ᠵᠢ ᠥᠭᠡᠷᠡᠴᠢᠯᠡᠬᠦ᠂ ᠰᠤᠷᠲᠠᠯ᠎ᠢ ᠥᠭᠡᠷᠡᠴᠢᠯᠡᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠵᠠᠰᠠᠭ᠎ᠤᠨ ᠣᠷᠳᠣᠨ᠎ᠤ ᠵᠠᠰᠠᠯᠲᠠ ᠵᠢᠨ ᠴᠢᠳᠠᠪᠤᠷᠢ ᠪᠠ ᠵᠠᠰᠠᠯᠲᠠ ᠵᠢᠨ ᠬᠢᠷᠢ ᠲᠦᠪᠰᠢᠨ᠎ᠢ ᠦᠷᠭᠦᠯᠵᠢᠯᠡᠨ ᠳᠡᠭᠡᠭᠰᠢᠯᠡᠭᠦᠯᠵᠦ᠂ ᠠᠷᠠᠳ ᠲᠦᠮᠡᠨ᠎ᠳᠤ ᠲᠠᠭ᠋ᠠᠰᠢᠶᠠᠭᠳᠠᠭᠰᠠᠨ ᠦᠢ᠍ᠯᠡᠴᠢᠯᠡᠭᠡᠨ᠎ᠤ ᠬᠡᠯᠪᠡᠷᠢ ᠵᠢᠨ ᠵᠠᠰᠠᠭ᠎ᠤᠨ ᠣᠷᠳᠣᠨ᠎ᠢ ᠴᠢᠷᠮᠠᠶ᠋ᠢᠨ ᠪᠠᠶ᠋ᠢᠭᠤᠯᠤᠨ᠎ᠠ᠃
    (ᠨᠢᠭᠡ) ᠨᠠᠮ᠎ᠤᠨ ᠤᠳᠤᠷᠢᠳᠤᠯᠭ᠎ᠠ ᠵᠢ ᠢᠮᠠᠭᠲᠠ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢᠨ ᠴᠢᠬᠤᠯᠠ ᠵᠦᠢ᠍ᠯ ᠪᠣᠯᠭ᠋ᠠᠨ᠎ᠠ᠃ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮᠲᠦ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠬᠤ ᠵᠢ ᠪᠠᠷᠢᠮᠲᠠᠯᠠᠵᠤ᠂ 《ᠬᠣᠶᠠᠷ᠎ᠢ ᠲᠣᠭᠲᠠᠭ᠋ᠠᠬᠤ》 ᠵᠢᠨ ᠠᠴᠢ ᠬᠣᠯᠪᠣᠭᠳᠠᠯ᠎ᠢ ᠭᠦᠨᠵᠡᠭᠡᠶ ᠣᠶ᠋ᠢᠯᠠᠭ᠋ᠠᠵᠤ᠂ 《ᠬᠣᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠵᠦ᠂ ᠨᠠᠮ᠎ᠤᠨ ᠪᠥᠬᠥ ᠲᠠᠯ᠎ᠠ ᠵᠢᠨ ᠤᠳᠤᠷᠢᠳᠤᠯᠭ᠎ᠠ ᠵᠢ ᠵᠠᠰᠠᠭ᠎ᠤᠨ ᠣᠷᠳᠣᠨ᠎ᠤ ᠠᠵᠢᠯ᠎ᠤᠨ ᠪᠥᠬᠥ ᠶᠠᠪᠤᠴᠠ᠎ᠳᠤ ᠲᠤᠭᠤᠰᠢᠯᠠᠭᠤᠯᠤᠨ᠎ᠠ᠃ ᠬᠥᠯᠥᠨ ᠪᠤᠢ᠌ᠷ ᠬᠣᠲᠠ ᠵᠢᠨ ᠨᠠᠮ᠎ᠤᠨ ᠬᠣᠷᠢᠶ᠎ᠠ᠂ ᠬᠣᠲᠠ ᠵᠢᠨ ᠵᠠᠰᠠᠭ᠎ᠤᠨ ᠣᠷᠳᠣᠨ ᠪᠠ ᠬᠣᠲᠠ ᠵᠢᠨ ᠨᠠᠮ᠎ᠤᠨ ᠬᠣᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠪᠣᠳᠠᠲᠠᠢ᠎ᠳᠤ ᠨᠠᠢ᠍ᠳᠠᠪᠤᠷᠢᠵᠢᠭᠤᠯᠬᠤ ᠵᠢ ᠪᠦᠬᠦ ᠬᠦᠴᠦ᠎ᠪᠠᠷ ᠠᠬᠢᠭᠤᠯᠵᠤ᠂ ᠵᠠᠰᠠᠭ᠎ᠤᠨ ᠣᠷᠳᠣᠨ᠎ᠤ 《ᠬᠡᠷᠡᠭᠵᠢᠭᠦᠯᠦᠨ ᠨᠠᠶ᠋ᠢᠳᠠᠪᠤᠷᠢᠵᠢᠭᠤᠯᠬᠤ》 ᠬᠦᠴᠦᠯᠡᠴᠡ᠎ᠪᠠᠷ ᠬᠣᠲᠠ ᠵᠢᠨ ᠨᠠᠮ᠎ᠤᠨ ᠬᠣᠷᠢᠶ᠎ᠠ ᠵᠢᠨ 《ᠵᠢᠷᠤᠭ ᠲᠥᠰᠦᠪ》᠎ᠤᠨ ᠬᠤᠷᠳᠤᠴᠠ ᠵᠢ ᠰᠣᠯᠢᠨ᠎ᠠ᠃
    (ᠬᠣᠶᠠᠷ) ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠵᠢ ᠢᠮᠠᠭᠲᠠ ᠶᠠᠪᠤᠳᠠᠯ ᠪᠦᠲᠦᠭᠡᠬᠦ ᠠᠷᠭ᠎ᠠ ᠵᠠᠮ ᠪᠣᠯᠭ᠋ᠠᠨ᠎ᠠ᠃ ᠦᠨᠡᠨᠬᠦ ᠠᠳᠬᠤᠵᠤ ᠪᠣᠳᠠᠲᠠᠢ ᠠᠵᠢᠯᠯᠠᠬᠤ ᠰᠠᠶ᠋ᠢᠨ ᠰᠠᠶ᠋ᠢᠬᠠᠨ ᠵᠠᠰᠠᠭ᠎ᠤᠨ ᠰᠤᠷᠲᠠᠯ᠎ᠢ ᠶᠡᠬᠡᠪᠡᠷ ᠪᠠᠳᠠᠷᠠᠭᠤᠯᠵᠤ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ᠎ᠪᠠᠷ ᠬᠥᠳᠡᠯᠭᠡᠬᠦ ᠬᠦᠴᠦᠨ ᠪᠣᠯᠭ᠋ᠠᠬᠤ ᠵᠢ ᠪᠠᠷᠢᠮᠲᠠᠯᠠᠨ᠂ ᠳᠡᠭᠡᠲᠦ ᠱᠠᠲᠤᠨ᠎ᠤ ᠲᠥᠷᠥ ᠵᠢᠨ ᠪᠣᠳᠣᠯᠭ᠎ᠠ ᠵᠢ ᠣᠨᠣᠪᠴᠢᠲᠠᠢ ᠡᠵᠡᠮᠰᠢᠵᠦ᠂ ᠬᠡᠯᠪᠡᠷᠢ ᠵᠢ ᠬᠤᠪᠢᠷᠠᠭᠤᠯᠤᠨ ᠳᠡᠰ ᠳᠡᠪᠰᠢᠭᠦᠯᠬᠦ ᠠᠷᠭ᠎ᠠ ᠬᠡᠮᠵᠢᠶ᠎ᠡ ᠵᠢ ᠰᠢᠨᠵᠢᠯᠡᠬᠦ ᠤᠬᠠᠭ᠋ᠠᠨᠴᠢ᠎ᠪᠠᠷ ᠲᠥᠯᠥᠪᠵᠢᠭᠦᠯᠵᠦ᠂ ᠡᠯ᠎ᠡ ᠵᠦᠢ᠍ᠯ᠎ᠤᠨ ᠡᠭᠦᠷᠭᠡ ᠵᠢ ᠥᠨᠳᠥᠷ ᠪᠦᠲᠦᠮᠵᠢᠲᠡᠢ ᠨᠠᠶ᠋ᠢᠳᠠᠪᠤᠷᠢᠵᠢᠭᠤᠯᠤᠨ᠎ᠠ᠃ ᠥᠭᠡᠷᠡᠴᠢᠯᠡᠯᠲᠡ᠎ᠪᠠᠷ ᠰᠢᠪᠲᠤᠯᠤᠯᠲᠠ ᠵᠢ ᠠᠬᠢᠭᠤᠯᠬᠤ ᠵᠢ ᠪᠠᠷᠢᠮᠲᠠᠯᠠᠵᠤ᠂ 《ᠲᠠᠪᠤᠨ ᠵᠦᠢ᠍ᠯ᠎ᠤᠨ ᠥᠭᠡᠷᠡᠴᠢᠯᠡᠯᠲᠡ ᠵᠢᠨ ᠰᠡᠳᠦᠪ》᠎ᠲᠤ ᠠᠩᠬᠠᠷᠤᠯ ᠵᠶ᠋ᠠᠨ ᠲᠥᠪᠯᠡᠷᠡᠭᠦᠯᠵᠦ᠂ ᠲᠠᠩᠰᠠ ᠮᠡᠳᠡᠭᠦᠯᠬᠦ ᠤᠬᠠᠮᠰᠠᠷ᠂ ᠰᠢᠯᠭ᠋ᠠᠯᠲᠠ ᠲᠤᠰᠢᠶᠠᠬᠤ ᠤᠬᠠᠮᠰᠠᠷ᠂ ᠦᠷ᠎ᠡ ᠪᠦᠲᠦᠭᠡᠯ᠎ᠤᠨ ᠤᠬᠠᠮᠰᠠᠷ᠎ᠢ ᠦᠨᠡᠨ ᠬᠦ᠌ ᠴᠢᠩᠭ᠋ᠠᠳᠬᠠᠵᠤ᠂ ᠪᠣᠳᠠᠲᠠᠶ ᠠᠵᠢᠯᠯᠠᠵᠤ ᠪᠣᠳᠠᠲᠠᠶ ᠠᠮᠵᠢᠯᠲᠠ ᠭᠠᠷᠭ᠋ᠠᠬᠤ᠎ᠪᠠᠷ ᠴᠢᠨᠠᠷ ᠰᠠᠶ᠋ᠢᠲᠠᠶ ᠬᠥᠭᠵᠢᠯᠲᠡ ᠵᠢᠨ ᠰᠢᠨ᠎ᠡ ᠪᠠᠶ᠋ᠢᠳᠠᠯ᠎ᠢ ᠡᠭᠦᠳᠦᠨ᠎ᠡ᠃
    (ᠭᠤᠷᠪᠠ) ᠬᠠᠤᠯᠢ ᠶᠣᠰᠣᠭ᠋ᠠᠷ ᠵᠠᠰᠠᠭ ᠶᠠᠪᠤᠭᠤᠯᠬᠤ ᠵᠢ ᠢᠮᠠᠭᠲᠠ ᠭᠦᠢ᠍ᠴᠡᠳᠬᠡᠬᠦ ᠬᠥᠲᠥᠯᠪᠦᠷᠢ ᠪᠣᠯᠭ᠋ᠠᠬᠤ ᠬᠡᠷᠡᠭᠲᠡᠢ᠃ ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠢ᠍ᠮᠠᠳᠤᠭ᠋ᠠᠷ ᠲᠠᠪᠤᠨ ᠵᠢᠯ᠎ᠤᠨ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠠᠵᠢᠯ᠎ᠢ ᠯᠠᠪᠳᠠᠭᠤᠨ ᠪᠠᠲᠤᠲᠠᠢ ᠥᠷᠨᠢᠭᠦᠯᠦᠨ᠂ ᠬᠠᠤᠯᠢ᠎ᠪᠠᠷ ᠵᠠᠰᠠᠬᠤ ᠰᠡᠳᠬᠢᠬᠦᠢ ᠪᠠ ᠬᠠᠤᠯᠢ ᠶᠣᠰᠣᠭ᠋ᠠᠷ ᠵᠠᠰᠠᠭ ᠶᠠᠪᠤᠭᠤᠯᠬᠤ ᠴᠢᠳᠠᠪᠤᠷᠢ ᠵᠢ ᠪᠦᠬᠦ ᠲᠠᠯ᠎ᠠ᠎ᠪᠠᠷ ᠳᠡᠭᠡᠭᠰᠢᠯᠡᠭᠦᠯᠦᠨ᠎ᠡ᠃ ᠵᠠᠰᠠᠭ᠎ᠤᠨ ᠣᠷᠳᠣᠨ  ᠪᠠ ᠪᠠᠶ᠋ᠢᠴᠠᠭ᠋ᠠᠬᠤ ᠬᠣᠷᠢᠶ᠎ᠠ ᠰᠢᠭᠦᠬᠦ ᠬᠣᠷᠢᠶ᠎ᠠ᠎ᠲᠠᠢ ᠬᠠᠮᠲᠤᠷᠠᠨ ᠬᠥᠳᠡᠯᠦᠯᠴᠡᠬᠦ ᠵᠢ ᠭᠦᠨᠵᠡᠭᠡᠶ᠋ᠢᠷᠡᠭᠦᠯᠵᠦ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠠᠤᠯᠢ ᠶᠣᠰᠣᠭ᠋ᠠᠷ ᠬᠢᠨᠠᠯᠲᠠ ᠲᠠᠯᠪᠢᠬᠤ᠂ ᠤᠯᠤᠰ ᠲᠥᠷᠥ ᠵᠢᠨ ᠵᠥᠪᠯᠡᠯᠭᠡᠨ᠎ᠤ ᠠᠷᠠᠳᠴᠢᠯᠠᠯ ᠵᠶ᠋ᠠᠷ ᠬᠢᠨᠠᠯᠲᠠ ᠲᠠᠯᠪᠢᠬᠤ᠂ ᠨᠡᠶ᠋ᠢᠭᠡᠮ᠎ᠤᠨ ᠶᠠᠷᠢᠶ᠎ᠠ ᠬᠡᠯᠡᠯᠴᠡᠭᠡᠨ᠎ᠤ ᠬᠢᠨᠠᠯᠲᠠ ᠲᠠᠯᠪᠢᠬᠤ ᠵᠢ ᠰᠠᠨᠠᠭ᠋ᠠᠴᠢᠯᠠᠭ᠎ᠠ᠎ᠠᠴᠠ᠎ᠪᠠᠨ ᠬᠦᠯᠢᠶᠡᠵᠦ᠂ ᠰᠠᠨᠠᠭᠤᠯᠭ᠎ᠠ ᠳᠤᠷᠠᠳᠤᠯᠭ᠎ᠠ ᠵᠢ ᠥᠨᠳᠥᠷ ᠪᠦᠲᠦᠮᠵᠢᠲᠡᠶ᠎ᠪᠠᠷ ᠰᠢᠢ᠍ᠳᠪᠦᠷᠢᠯᠡᠨ᠎ᠡ᠃ 《ᠳᠥᠷᠪᠡ ᠵᠢ ᠦᠨᠳᠦᠰᠦᠨ ᠱᠠᠲᠤᠨ᠎ᠳᠤ ᠪᠠᠭᠤᠯᠭ᠋ᠠᠬᠤ》 ᠵᠢ ᠪᠠᠶ᠋ᠢᠩᠭᠤᠵᠢᠭᠤᠯᠬᠤ ᠵᠢ ᠠᠬᠢᠭᠤᠯᠵᠤ᠂ ᠣᠯᠠᠨ ᠲᠦᠮᠡᠨ᠎ᠤ 《ᠬᠦᠰᠡᠵᠦ ᠪᠠᠶ᠋ᠢᠭ᠎ᠠ ᠶᠠᠪᠤᠳᠠᠯ》᠎ᠢ ᠦᠨᠡᠨᠬᠦ ᠵᠠᠰᠠᠭ᠎ᠤᠨ ᠣᠷᠳᠣᠨ᠎ᠤ 《ᠬᠢᠬᠦ ᠶᠠᠪᠤᠳᠠᠯ》 ᠪᠣᠯᠭ᠋ᠠᠬᠤ ᠬᠡᠷᠡᠭᠲᠡᠶ᠃
    (ᠳᠥᠷᠪᠡ) ᠠᠵᠢᠯᠴᠢ ᠬᠢᠴᠢᠶᠡᠩᠭᠦᠶ ᠠᠷᠢᠭᠤᠨ ᠴᠢᠬᠡᠴᠢ᠎ᠪᠠᠷ ᠵᠠᠰᠠᠭ ᠪᠠᠷᠢᠬᠤ ᠵᠢ ᠢᠮᠠᠭᠲᠠ ᠵᠠᠰᠠᠭ ᠪᠠᠷᠢᠬᠤ ᠶᠣᠰᠣ ᠮᠣᠷᠠᠯ ᠪᠣᠯᠭ᠋ᠠᠬᠤ ᠬᠡᠷᠡᠭᠲᠡᠶ᠃ ᠲᠥᠪ᠎ᠤᠨ ᠨᠠᠢ᠍ᠮᠠᠨ ᠲᠣᠭᠲᠠᠭ᠋ᠠᠯ ᠵᠢᠴᠢ ᠲᠡᠭᠦᠨ᠎ᠤ ᠬᠡᠷᠡᠭᠵᠢᠭᠦᠯᠬᠦ ᠨᠠᠷᠢᠨ ᠳᠦᠷᠢᠮ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ 《ᠵᠢᠷᠭᠤᠭ᠋ᠠᠨ ᠬᠠᠷᠢᠭᠤᠴᠠᠯᠭ᠎ᠠ ᠵᠢᠨ ᠨᠠᠷᠢᠨ ᠳᠠᠩᠰᠠ》 ᠵᠢ ᠴᠢᠩᠭ᠎ᠠ ᠨᠠᠶ᠋ᠢᠳᠠᠪᠤᠷᠢᠵᠢᠭᠤᠯᠵᠤ᠂ ᠠᠷᠢᠭᠤᠨ ᠴᠢᠬᠡᠴᠢ᠎ᠪᠠᠷ ᠵᠠᠰᠠᠭ ᠪᠠᠷᠢᠬᠤ ᠠᠶᠤᠯ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠵᠢ ᠠᠵᠢᠯ᠎ᠤᠨ ᠪᠠᠶ᠋ᠢᠷᠢ ᠪᠠ ᠬᠥᠮᠦᠨ᠎ᠳᠤ ᠬᠦᠷᠲᠡᠯ᠎ᠡ ᠨᠠᠶ᠋ᠢᠳᠠᠪᠤᠷᠢᠵᠢᠭᠤᠯᠤᠨ᠎ᠠ᠃ 《ᠤᠳᠠᠭ᠋ᠠᠨ ᠪᠦᠳᠦᠭᠦᠯᠢᠭ ᠬᠡᠶ᠋ᠢᠰᠪᠦᠷᠢ》 ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠵᠦ᠂ ᠵᠠᠰᠠᠭ ᠵᠠᠬᠢᠷᠭ᠋ᠠᠨ᠎ᠤ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃ ᠠᠵᠢᠯᠴᠢ ᠠᠷᠪᠢᠴᠢ᠎ᠪᠠᠷ ᠠᠷᠪᠢᠯᠠᠨ ᠭᠠᠮᠨᠠᠬᠤ ᠵᠢ ᠴᠢᠩᠭ᠎ᠠ ᠬᠡᠷᠡᠭᠵᠢᠭᠦᠯᠵᠦ᠂ ᠡᠳ᠋᠎ᠤᠨ ᠵᠠᠰᠠᠭ᠎ᠤᠨ ᠵᠠᠷᠤᠯᠭ᠎ᠠ ᠵᠢᠨ ᠪᠦᠲᠦᠴᠡ ᠵᠢ ᠰᠢᠯᠢᠳᠡᠭᠵᠢᠭᠦᠯᠦᠨ᠂ 《ᠭᠤᠷᠪᠠ ᠵᠢ ᠪᠠᠲᠤᠯᠠᠬᠤ》 ᠬᠢᠵᠠᠭ᠋ᠠᠷ ᠱᠤᠭᠤᠮ᠎ᠢ ᠪᠠᠲᠤ ᠰᠠᠬᠢᠵᠤ᠂ 《ᠰᠢᠨ᠎ᠡ ᠳᠦᠷᠢ ᠲᠥᠷᠬᠦ ᠵᠢᠨ ᠢᠨᠵᠧᠨᠧᠷᠢᠩ》᠎ᠢ ᠰᠡᠷᠭᠡᠶ᠋ᠢᠯᠡᠨ ᠵᠠᠰᠠᠵᠤ᠂ ᠵᠠᠰᠠᠭ᠎ᠤᠨ ᠣᠷᠳᠣᠨ᠎ᠤ 《ᠠᠷᠪᠢᠴᠢ ᠠᠮᠢᠳᠤᠷᠠᠯ》 ᠵᠶ᠋ᠠᠷ ᠣᠯᠠᠨ ᠲᠦᠮᠡᠨ᠎ᠤ 《ᠰᠠᠶ᠋ᠢᠨ ᠠᠮᠢᠳᠤᠷᠠᠯ》᠎ᠢ  ᠰᠤᠯᠢᠨ᠎ᠠ᠃
    ᠲᠥᠯᠥᠭᠡᠯᠡᠭᠴᠢᠳ ᠡ! ᠬᠥᠭᠵᠢᠯᠲᠡ ᠵᠢᠨ ᠬᠠᠷᠢᠭᠤᠴᠠᠯᠭ᠎ᠠ ᠵᠢ ᠵᠣᠷᠢᠭᠲᠠᠢ ᠡᠭᠦᠷᠭᠡᠯᠡᠵᠦ᠂ ᠤᠷᠤᠭᠰᠢᠯᠠᠯᠲᠠ ᠵᠢᠨ ᠬᠦᠴᠦᠨ᠎ᠢ ᠨᠢᠭᠲᠠᠷᠠᠭᠤᠯᠤᠨ᠎ᠠ᠃ ᠪᠢᠳᠡ ᠰᠢ ᠵᠢᠨ ᠫᠢᠩ ᠨᠥᠬᠥᠷ ᠵᠶ᠋ᠠᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠡᠩ ᠨᠢᠭᠲᠠᠷᠠᠨ ᠪᠦᠯᠬᠦᠮᠳᠡᠵᠦ᠂ ᠬᠥᠯᠥᠨ ᠪᠤᠢ᠍ᠢ᠍ᠷ ᠬᠤᠳᠠ ᠵᠢᠨ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ ᠪᠣᠯᠤᠨ ᠬᠤᠳᠠ ᠵᠢᠨ ᠨᠠᠮ᠎ᠤᠨ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ᠂ ᠠᠵᠠ ᠲᠣᠬᠢᠶᠠᠯ᠎ᠢ ᠠᠮᠵᠢᠵᠤ᠂ ᠪᠣᠳᠠᠲᠠᠢ ᠵᠢ ᠡᠷᠬᠢᠮᠯᠡᠨ ᠪᠠᠲᠤᠲᠠᠢ ᠦᠢ᠍ᠯᠡᠳᠦᠯᠭᠡᠵᠢᠭᠦᠯᠵᠦ᠂ ᠭᠡᠭᠡᠨ ᠭᠣᠣᠯ᠎ᠤᠨ ᠴᠢᠨᠠᠷ ᠰᠠᠶ᠋ᠢᠲᠠᠢ ᠬᠥᠭᠵᠢᠯᠲᠡ ᠵᠢᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠶ᠎ᠡ!

ᠢᠷᠡᠯᠲᠡ᠄ ᠭᠡᠭᠡᠨ ᠭᠤᠤᠯ ᠬᠤᠲᠡ ᠵᠢᠨ ᠠᠷᠠᠳ᠎ᠤᠨ ᠵᠠᠰᠠᠭ᠎ᠤᠨ ᠤᠷᠳᠤᠨ
Baidu
map