ᠤᠷᠮ᠎ᠠ ᠰᠠᠨᠠᠭ᠎ᠠ ᠪᠠᠶᠠᠷᠯᠠᠩᠭᠤᠢ ᠪᠠᠢ᠍ᠢ᠍ᠬᠤ ᠬᠡᠷᠡᠭᠲᠡᠢ᠃ ᠰᠡᠳᠬᠢᠯ ᠰᠠᠨᠠᠭ᠎ᠠ ᠪᠠᠶᠠᠷᠯᠠᠩᠭᠤᠢ ᠪᠠᠢ᠍ᠢ᠍ᠬᠤ ᠨᠢ ᠤᠷᠲᠤ ᠨᠠᠰᠤᠯᠠᠬᠤ ᠵᠢᠨ ᠴᠢᠬᠤᠯᠠ ᠨᠢᠭᠡ ᠨᠦᠭᠦᠴᠡᠯ ᠮᠦᠨ᠃ ᠡᠯ᠎ᠡ ᠵᠦᠢ᠍ᠯ᠎ᠤᠨ ᠤᠷᠠᠨ ᠰᠠᠢ᠍ᠢ᠍ᠬᠠᠨ᠎ᠤ ᠬᠦᠳᠡᠯᠭᠡᠭᠡᠨ᠎ᠳᠤ ᠢᠳᠡᠪᠬᠢᠲᠡᠢ ᠤᠷᠤᠯᠴᠠᠪᠠᠯ ᠰᠡᠳᠬᠢᠯ ᠰᠠᠨᠠᠭ᠎ᠠ᠎ᠪᠠᠨ ᠪᠠᠶᠠᠷᠲᠠᠢ ᠪᠠᠢ᠍ᠢ᠍ᠯᠭ᠋ᠠᠵᠤ ᠴᠢᠳᠠᠬᠤ᠎ᠪᠠᠷ ᠪᠠᠷᠠᠬᠤ ᠦᠭᠡᠢ ᠪᠠᠰᠠ ᠪᠡᠶ᠎ᠡ᠎ᠪᠠᠨ ᠠᠮᠠᠷᠠᠭᠤᠯᠵᠤ ᠠᠮᠢᠳᠤᠷᠠᠯ ᠵᠶ᠋ᠠᠨ ᠪᠠᠶᠠᠯᠢᠭᠵᠢᠭᠤᠯᠵᠤ ᠴᠢᠳᠠᠨ᠎ᠠ᠃ ᠨᠠᠰᠤᠲᠠᠢ᠍ᠢ᠍ᠴᠤᠳᠲᠤ ᠲᠤᠬᠢᠷᠠᠬᠤ ᠤᠷᠠᠨ ᠰᠠᠢ᠍ᠢ᠍ᠬᠠᠨ᠎ᠤ ᠬᠦᠳᠡᠯᠭᠡᠭᠡᠨ ᠲᠤᠩ ᠠᠷᠪᠢᠨ ᠪᠠᠢ᠍ᠢ᠍ᠨ᠎ᠠ᠄ ᠵᠢᠱ᠌ᠢᠶᠡᠯᠡᠪᠡᠯ ᠰᠢ ᠵᠦᠴᠦᠭᠡ ᠦᠵᠡᠬᠦ᠂ ᠺᠢᠨᠣ᠋ ᠦᠵᠡᠬᠦ᠂ ᠰᠤᠨᠢᠨ ᠰᠡᠳᠬᠦᠯ ᠪᠢᠴᠢᠭ ᠨᠤᠮ ᠦᠵᠡᠬᠦ ᠦᠵᠡᠬᠦ ᠵᠡᠷᠭᠡ᠃ ᠭᠡᠪᠡᠴᠦ ᠠᠮᠠᠷᠠᠬᠤ ᠵᠢ ᠠᠩᠬᠠᠷᠴᠤ᠂ ᠨᠢᠳᠤ ᠬᠡᠲᠦᠷᠬᠡᠢ ᠶᠠᠳᠠᠷᠠᠵᠤ ᠪᠤᠯᠬᠤ ᠦᠭᠡᠢ᠃ ᠪᠠᠰᠠ ᠴᠡᠴᠡᠷᠯᠢᠭ ᠵᠶ᠋ᠠᠷ ᠵᠤᠭ᠋ᠠᠯᠠᠬᠤ ᠪᠠ ᠡᠯᠳᠡᠪ ᠵᠦᠢ᠍ᠯ᠎ᠤᠨ ᠦᠵᠡᠰᠬᠦᠯᠡᠩ᠎ᠢ ᠰᠤᠨᠢᠷᠬᠠᠵᠤ ᠪᠤᠯᠤᠨ᠎ᠠ᠃ ᠨᠦᠭᠦᠴᠡᠯ᠎ᠲᠠᠢ ᠪᠤᠯ ᠴᠡᠴᠡᠭ ᠲᠠᠷᠢᠬᠤ᠂ ᠵᠢᠭ᠋ᠠᠰᠤ ᠲᠡᠵᠢᠭᠡᠬᠦ᠂ ᠠᠪᠠ ᠬᠢᠬᠦ᠂ ᠵᠢᠭ᠋ᠠᠰᠤ ᠬᠦᠬᠢᠳᠡᠬᠦ᠂ ᠰᠢᠤᠳᠠᠨ᠎ᠤ ᠲᠡᠮᠳᠡᠭ ᠴᠤᠭᠯᠠᠭᠤᠯᠬᠤ᠂ ᠰᠡᠭᠦᠳᠡᠷ ᠴᠤᠭᠯᠠᠭᠤᠯᠬᠤ ᠪᠠ ᠠᠶᠠᠯᠠᠨ ᠵᠢᠭᠤᠯᠴᠢᠯᠠᠭᠰᠠᠨ ᠴᠦ᠍ ᠪᠤᠯᠤᠨ᠎ᠠ᠃ ᠡᠳᠡᠭᠡᠷ᠎ᠨᠢ ᠪᠦᠷ ᠠᠰᠢᠭᠲᠠᠢ ᠤᠷᠠᠨ ᠰᠠᠢ᠍ᠢ᠍ᠬᠠᠨ᠎ᠤ ᠬᠦᠳᠡᠯᠭᠡᠭᠡᠨ ᠶᠤᠮ᠃ ᠰᠢᠳᠠᠷ᠎ᠠ ᠲᠠᠯᠪᠢᠬᠤ᠂ ᠫᠢᠩᠫᠠᠩ ᠪᠦᠮᠪᠦᠭᠡ ᠴᠤᠬᠢᠬᠤ᠂ ᠬᠦᠵᠤᠷ ᠲᠠᠯᠪᠢᠬᠤ ᠵᠡᠷᠭᠡ ᠲᠤᠭᠯᠠᠭ᠋ᠠᠮ᠎ᠢ ᠦᠪᠡᠷ᠎ᠤᠨ ᠪᠠᠢ᠍ᠢ᠍ᠳᠠᠯ ᠵᠶ᠋ᠠᠨ ᠦᠨᠳᠦᠰᠦᠯᠡᠵᠦ ᠨᠠᠭ᠋ᠠᠳᠬᠤ ᠬᠡᠷᠡᠭᠲᠡᠢ᠃ ᠡᠳᠡᠭᠡᠷ ᠨᠠᠭ᠋ᠠᠳᠤᠮ᠎ᠨᠢ ᠪᠦᠷ ᠠᠲᠠᠭ᠎ᠠ ᠶᠡᠬᠡᠲᠡᠢ ᠲᠤᠯᠠ ᠤᠳᠠᠭ᠋ᠠᠨ ᠨᠠᠭ᠋ᠠᠳᠪᠠᠯ ᠶᠡᠬᠡ ᠲᠠᠷᠢᠬᠢ ᠵᠢ ᠬᠦᠭᠡᠷᠦᠭᠦᠯᠦᠨ ᠶᠠᠳᠠᠷᠠᠬᠤ ᠵᠢ ᠤᠮᠠᠷᠲᠠᠭᠤᠯᠬᠤ ᠪᠤᠯᠤᠨ᠎ᠠ᠃ ᠶᠡᠬᠡ ᠲᠠᠷᠢᠬᠢ ᠬᠡᠲᠦᠷᠬᠡᠢ ᠬᠦᠭᠡᠷᠪᠡᠯ ᠴᠢᠰᠤᠨ ᠳᠠᠷᠤᠯᠲᠠ ᠭᠡᠨᠡᠳᠲᠡ ᠳᠡᠭᠡᠭᠰᠢᠯᠡᠵᠦ ᠠᠮᠠᠷᠬᠠᠨ ᠰᠠ ᠡᠪᠡᠳᠴᠢᠨ ᠡᠭᠦᠰᠬᠦ ᠶᠤᠮ᠃
ᠤᠷᠴᠢᠨ ᠲᠤᠭᠤᠷᠢᠨ ᠨᠠᠮ ᠵᠢᠮ ᠪᠠᠢ᠍ᠢ᠍ᠬᠤ ᠬᠡᠷᠡᠭᠲᠡᠢ᠃ ᠤᠷᠴᠢᠨ ᠲᠤᠭᠤᠷᠢᠨ ᠪᠤᠯ ᠬᠦᠮᠦᠨ᠎ᠤ ᠡᠷᠡᠭᠦᠯ ᠮᠡᠨᠳᠦ ᠪᠠ ᠤᠷᠲᠤ ᠨᠠᠰᠤᠯᠠᠯᠲᠠ᠎ᠲᠠᠢ ᠨᠢᠭᠲᠠ ᠬᠠᠷᠢᠴᠠᠭ᠎ᠠ᠎ᠲᠠᠢ ᠶᠤᠮ᠃ ᠭᠤᠶᠤ ᠪᠦᠭᠡᠳ ᠨᠠᠮ ᠵᠢᠮ ᠤᠷᠴᠢᠨ ᠲᠤᠭᠤᠷᠢᠨ᠎ᠨᠢ ᠬᠦᠮᠦᠨ᠎ᠤ ᠰᠡᠳᠬᠢᠯ᠎ᠢ ᠪᠠᠶᠠᠰᠬᠠᠵᠤ ᠪᠡᠶ᠎ᠡ ᠵᠢᠨ ᠡᠷᠡᠭᠦᠯ ᠴᠢᠬᠢᠷᠠᠭ᠎ᠲᠤ ᠰᠠᠢ᠍ᠢ᠍ᠨ ᠪᠠᠢ᠍ᠢ᠍ᠳᠠᠭ᠃ ᠪᠠᠢ᠍ᠢ᠍ᠴᠠᠭ᠋ᠠᠯᠲᠠ ᠵᠢ ᠦᠨᠳᠦᠰᠦᠯᠡᠪᠡᠯ᠂ ᠪᠠᠷᠤᠭ 80%᠎ᠤᠨ ᠤᠷᠲᠤ ᠨᠠᠰᠤᠯᠠᠭᠰᠠᠨ ᠨᠠᠰᠤᠲᠠᠢ᠍ᠢ᠍ᠴᠤᠳᠨᠢ ᠠᠭᠤᠯᠠᠷᠬᠠᠭ ᠤᠷᠤᠨ ᠪᠠ ᠬᠦᠳᠡᠭᠡ ᠲᠤᠰᠬᠤᠨ᠎ᠳᠤ ᠰᠠᠭᠤᠵᠤ ᠪᠠᠢ᠍ᠢ᠍ᠳᠠᠭ᠃ ᠢᠯᠠᠩᠭᠤᠶ᠎ᠠ ᠠᠭᠤᠯᠠᠷᠬᠠᠭ ᠤᠷᠤᠨ᠎ᠤ ᠬᠦᠮᠦᠰ ᠨᠡᠩ ᠠᠷᠪᠢᠨ ᠪᠠᠢ᠍ᠢ᠍ᠨ᠎ᠠ᠃ ᠡᠢ᠍ᠢ᠍ᠮᠦ᠎ᠠᠴᠠ ᠠᠭᠤᠯᠠᠷᠬᠠᠭ ᠤᠷᠤᠨ ᠪᠠ ᠬᠦᠳᠡᠭᠡ ᠲᠤᠰᠬᠤᠨ ᠪᠤᠯ ᠨᠠᠰᠤᠲᠠᠢ᠍ᠢ᠍ᠴᠤᠳᠤᠨ ᠤᠷᠤᠰᠢᠨ ᠰᠠᠭᠤᠬᠤ᠎ᠳᠤ ᠨᠡᠯᠢᠶᠡᠳ ᠲᠤᠬᠢᠷᠠᠬᠤ ᠤᠷᠴᠢᠨ ᠠᠬᠤᠢ ᠪᠤᠯᠤᠨ᠎ᠠ᠃ ᠠᠭᠤᠯᠠᠷᠬᠠᠭ ᠤᠷᠤᠨ᠎ᠤ ᠠᠭᠤᠷ ᠠᠮᠢᠰᠬᠤᠯ ᠴᠢᠬᠢᠭᠯᠢᠭ᠂ ᠠᠭ᠋ᠠᠷ᠎ᠤᠨ ᠳᠠᠷᠤᠯᠲᠠ᠎ᠨᠢ ᠪᠦᠷ ᠨᠡᠯᠢᠶᠡᠳ ᠳᠤᠤᠷ᠎ᠠ᠂ ᠠᠭ᠋ᠠᠷ᠎ᠨᠢ ᠰᠢᠨ᠎ᠡ ᠰᠤᠷᠭᠤᠭ᠂ ᠨᠠᠷᠠᠨ᠎ᠤ ᠭᠡᠷᠡᠯ ᠭᠦᠢ᠍ᠴᠡᠳ ᠮᠦᠷᠲᠡᠭᠡᠨ ᠶᠡᠬᠡ ᠬᠡᠮᠵᠢᠶᠡᠨ᠎ᠤ ᠬᠦᠷᠢᠨ᠎ᠤ ᠭᠠᠳᠠᠨᠠᠬᠢ ᠲᠤᠶᠠᠭ᠎ᠠ ᠪᠠᠢ᠍ᠢ᠍ᠵᠤ ᠠᠷᠢᠭᠤᠳᠬᠠᠬᠤ ᠦᠢ᠍ᠯᠡᠳᠦᠯ᠎ᠲᠠᠢ᠂ ᠠᠭᠤᠯᠠᠷᠬᠠᠭ ᠤᠷᠤᠨ᠎ᠤ ᠠᠭ᠋ᠠᠷ᠎ᠲᠤ ᠪᠢᠯᠢᠭ ᠢᠶᠤᠨ ᠨᠡᠯᠢᠶᠡᠳ ᠠᠷᠪᠢᠨ ᠪᠠᠢ᠍ᠢ᠍ᠬᠤ ᠲᠤᠯᠠ ᠬᠦᠮᠦᠨ᠎ᠤ ᠪᠡᠶ᠎ᠡ ᠵᠢᠨ ᠠᠮᠢᠳᠤᠷᠠᠬᠤ ᠬᠦᠴᠦᠨ᠎ᠢ ᠨᠡᠮᠡᠭᠳᠡᠭᠦᠯᠵᠦ᠂ ᠪᠡᠶ᠎ᠡ ᠵᠢᠨ ᠳᠤᠲᠤᠭ᠋ᠠᠳᠤᠬᠢ ᠪᠤᠳᠠᠰ᠎ᠤᠨ ᠰᠤᠯᠢᠯᠴᠠᠭ᠎ᠠ ᠵᠢ ᠠᠬᠢᠭᠤᠯᠬᠤ ᠵᠢᠨ ᠬᠠᠮᠲᠤ ᠠᠮᠢᠰᠬᠤᠬᠤ ᠠᠵᠢᠯᠯᠠᠭ᠎ᠠ ᠵᠢ ᠳᠡᠭᠡᠭᠰᠢᠯᠡᠭᠦᠯᠵᠦ ᠴᠢᠳᠠᠨ᠎ᠠ; ᠬᠦᠳᠡᠭᠡ ᠲᠤᠰᠬᠤᠨ᠎ᠤ ᠤᠷᠴᠢᠨ ᠲᠤᠭᠤᠷᠢᠨ᠎ᠨᠢ ᠬᠤᠲᠠ᠎ᠠᠴᠠ ᠨᠠᠮ ᠵᠢᠮ ᠪᠦᠭᠡᠳ ᠠᠭᠤᠷ ᠠᠮᠢᠰᠬᠤᠯ ᠴᠡᠪᠡᠷ ᠰᠤᠷᠭᠤᠭ᠂ ᠦᠨᠳᠦᠷ ᠪᠠᠷᠢᠯᠭ᠎ᠠ ᠴᠦᠭᠡᠨ᠂ ᠤᠷᠴᠢᠨ ᠲᠤᠭᠤᠷᠢᠨ ᠰᠠᠷᠠᠭᠤᠯ ᠠᠭᠤᠳᠠᠮ᠂ ᠨᠠᠷᠠᠨ᠎ᠤ ᠭᠡᠷᠡᠯ ᠭᠦᠢ᠍ᠴᠡᠳ ᠲᠤᠯᠠ ᠨᠠᠰᠤᠲᠠᠢ᠍ᠢ᠍ᠴᠤᠳᠤᠨ ᠤᠷᠤᠰᠢᠨ ᠰᠠᠭᠤᠬᠤ᠎ᠳᠤ ᠲᠤᠬᠢᠷᠠᠮᠵᠢᠲᠠᠢ ᠤᠷᠴᠢᠨ ᠠᠬᠤᠢ ᠪᠤᠯᠬᠤ ᠶᠤᠮ᠃
ᠠᠵᠢᠯᠯᠠᠵᠤ ᠠᠮᠠᠷᠠᠬᠤ᠎ᠳᠠᠭᠠᠨ ᠳᠦᠷᠢᠮ ᠲᠤᠭᠲᠠᠭ᠋ᠠᠯ᠎ᠲᠠᠢ ᠪᠠᠢ᠍ᠢ᠍ᠬᠤ ᠬᠡᠷᠡᠭᠲᠡᠢ᠃ ᠠᠮᠢ ᠨᠠᠰᠤᠨ᠎ᠤ ᠬᠦᠳᠡᠯᠭᠡᠭᠡᠨ ᠪᠤᠯ ᠵᠤᠬᠢᠬᠤ ᠵᠢᠮ᠎ᠠ ᠶᠤᠰᠤᠲᠠᠢ ᠶᠤᠮ᠃ ᠨᠠᠰᠤᠲᠠᠢ᠍ᠢ᠍ᠴᠤᠳᠤᠨ ᠠᠮᠢᠳᠤᠷᠠᠯ᠎ᠨᠢ ᠨᠡᠩ ᠢᠯᠠᠩᠭᠤᠶ᠎ᠠ ᠳᠦᠷᠢᠮ ᠲᠤᠭᠲᠠᠭ᠋ᠠᠯ᠎ᠲᠠᠢ ᠪᠠᠢ᠍ᠢ᠍ᠬᠤ ᠬᠡᠷᠡᠭᠲᠡᠢ᠃
ᠬᠠᠮᠤᠭ ᠲᠡᠷᠢᠭᠦᠨ᠎ᠳᠤ ᠭᠦᠢ᠍ᠴᠡᠳ ᠤᠨᠲᠠᠬᠤ ᠬᠡᠷᠡᠭᠲᠡᠢ᠃ ᠤᠨᠲᠠᠬᠤ᠎ᠨᠢ ᠶᠠᠳᠠᠷᠠᠯᠢ ᠠᠷᠢᠯᠭ᠋ᠠᠵᠤ ᠪᠡᠶ᠎ᠡ ᠵᠢᠨ ᠴᠢᠳᠠᠯ᠎ᠢ ᠰᠡᠷᠭᠦᠭᠡᠬᠦ ᠶᠤᠮ᠃ ᠨᠠᠰᠤᠲᠠᠢ ᠬᠦᠮᠦᠨ᠎ᠤ ᠤᠨᠲᠠᠬᠤ ᠴᠠᠭ᠎ᠨᠢ 6 — 7 ᠴᠠᠭ ᠪᠤᠯ ᠬᠠᠮᠤᠭ᠎ᠤᠨ ᠲᠤᠬᠢᠷᠠᠮᠵᠢᠲᠠᠢ᠂ ᠤᠷᠤᠨ᠎ᠳᠠᠭᠠᠨ ᠵᠤᠷᠰᠢᠯ ᠶᠤᠰᠤᠭ᠋ᠠᠷ ᠤᠨᠲᠠᠬᠤ᠎ᠠᠴᠠ ᠭᠠᠳᠠᠨ᠎ᠠ᠂ ᠦᠳᠡ᠎ᠳᠡᠭᠡᠨ ᠪᠠᠰᠠ ᠠᠮᠠᠷᠠᠬᠤ (ᠡᠳᠦᠷ ᠪᠦᠷᠢ ᠵᠢᠨ ᠬᠤᠭᠤᠯᠠᠨ᠎ᠤ ᠳᠠᠷᠠᠭ᠎ᠠ ᠬᠠᠭ᠋ᠠᠰ᠎ᠠᠴᠠ ᠨᠢᠭᠡ ᠴᠠᠭ) ᠬᠡᠷᠡᠭᠲᠡᠢ᠃ ᠲᠡᠳ᠋ᠯᠡᠪᠡᠯ ᠲᠤᠭᠲᠠᠭ᠋ᠠᠯ᠎ᠲᠠᠢ ᠠᠵᠢᠯᠯᠠᠵᠤ ᠠᠮᠠᠷᠠᠨ᠂ ᠡᠷᠲᠡ ᠪᠤᠰᠴᠤ ᠡᠷᠲᠡ ᠤᠨᠲᠠᠬᠤ ᠬᠡᠷᠡᠭᠲᠡᠢ᠃ ᠤᠨᠲᠠᠵᠤ ᠠᠮᠠᠷᠠᠬᠤ᠎ᠪᠠᠨ ᠨᠦᠯᠦᠭᠡᠯᠡᠬᠦ ᠦᠭᠡᠢ ᠵᠢᠨ ᠲᠦᠯᠦᠭᠡ ᠤᠨᠲᠠᠬᠤ᠎ᠠᠴᠠ ᠡᠮᠦᠨ᠎ᠡ ᠲᠠᠷᠢᠬᠢ᠎ᠪᠠᠨ ᠬᠡᠲᠦᠷᠬᠡᠢ ᠵᠦᠳᠡᠭᠡᠬᠦ ᠬᠡᠷᠡᠭ ᠦᠭᠡᠢ᠂ ᠤᠷᠤᠢ ᠵᠢᠨ ᠪᠤᠳᠠᠭ᠎ᠠ᠎ᠪᠠᠨ ᠬᠡᠳᠦ ᠴᠠᠳᠲᠠᠯ᠎ᠠ ᠢᠳᠡᠬᠦ ᠬᠡᠷᠡᠭ ᠦᠭᠡᠢ᠃ ᠦᠷᠯᠦᠭᠡ ᠡᠷᠲᠡ ᠠᠭᠤᠷ ᠠᠮᠢᠰᠬᠤᠯ ᠰᠢᠨ᠎ᠡ ᠰᠤᠷᠭᠤᠭ᠂ ᠤᠷᠴᠢᠨ ᠲᠤᠭᠤᠷᠢᠨ ᠨᠠᠮ ᠵᠢᠮ ᠪᠤᠯᠬᠤᠷ ᠭᠠᠳᠠᠭᠤᠷ ᠶᠠᠪᠤᠵᠤ ᠬᠦᠳᠡᠯᠭᠡᠭᠡᠨ ᠬᠢᠭᠡᠳ ᠰᠢᠨ᠎ᠡ ᠠᠭᠤᠷ ᠠᠮᠢᠰᠬᠤᠯᠯᠠᠵᠤ ᠪᠠᠢ᠍ᠢ᠍ᠪᠠᠯ ᠪᠤᠳᠠᠰ᠎ᠤᠨ ᠰᠤᠯᠢᠯᠴᠠᠭ᠎ᠠ ᠵᠢ ᠠᠬᠢᠭᠤᠯᠵᠤ ᠪᠡᠶ᠎ᠡ ᠮᠠᠬᠠᠪᠤᠳ᠎ᠢ ᠰᠠᠢ᠍ᠢ᠍ᠵᠢᠷᠠᠭᠤᠯᠬᠤ ᠶᠤᠮ᠃ ᠳᠠᠬᠢᠪᠠᠯ ᠢᠳᠡᠭᠡᠨ ᠤᠮᠳᠠᠭ᠋ᠠᠨ ᠵᠶ᠋ᠠᠨ ᠬᠡᠮᠵᠢᠶ᠎ᠡ᠎ᠲᠠᠢ ᠪᠠᠢ᠍ᠢ᠍ᠯᠭ᠋ᠠᠵᠤ ᠡᠳᠦᠷ᠎ᠤᠨ ᠭᠤᠷᠪᠠᠨ ᠴᠠᠭ᠎ᠤᠨ ᠬᠤᠭᠤᠯᠠ᠎ᠪᠠᠨ ᠴᠠᠭ ᠬᠡᠮᠵᠢᠶ᠎ᠡ᠎ᠲᠠᠢ ᠢᠳᠡᠵᠦ᠂ ᠰᠤᠯᠠ ᠢᠳᠡᠭᠡᠨ ᠢᠳᠡᠬᠦ ᠦᠭᠡᠢ ᠪᠤᠯ ᠰᠠᠢ᠍ᠢ᠍ᠨ ᠪᠠᠢ᠍ᠢ᠍ᠳᠠᠭ᠃
ᠠᠩᠬᠠᠨ᠎ᠤ ᠬᠢᠨᠠᠭ᠍ᠴᠢ᠄ ᠸᠠᠩ