ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ (4)
ᠨᠡᠶ᠋ᠢᠲᠡᠯᠡᠭᠰᠡᠨ ᠴᠠᠭ᠄ 2021-09-27

    ᠲᠠᠪᠤᠨ ᠵᠢᠯ᠎ᠤᠨ ᠲᠤᠷᠰᠢ᠂ ᠥᠭᠡᠷᠡᠴᠢᠯᠡᠯᠲᠡ ᠨᠡᠭᠡᠭᠡᠯᠳᠡ ᠢᠯᠡᠳᠲᠡ ᠦᠷ᠎ᠡ ᠪᠦᠲᠦᠮᠵᠢ ᠤᠯᠪᠠ᠃ ᠣᠷᠣᠨ ᠨᠤᠲᠤᠭ ᠪᠠ ᠠᠵᠤ ᠠᠬᠤᠶ᠋ᠢᠯᠠᠯ᠎ᠤᠨ ᠬᠠᠮᠵᠢᠯᠴᠠᠭ᠎ᠠ ᠨᠡᠩ ᠨᠢᠭᠲᠠ ᠪᠤᠯᠵᠤ᠂ ᠤᠯᠤᠰ᠎ᠤᠨ ᠥᠮᠴᠢᠯᠡᠯ᠎ᠤᠨ ᠰᠢᠭᠤᠶ᠋ᠢᠲᠤ ᠣᠷᠣᠨ᠎ᠤ ᠥᠭᠡᠷᠡᠴᠢᠯᠡᠯᠲᠡ ᠡᠮᠦᠨ᠎ᠡ ᠡᠩᠨᠡᠭᠡᠨ᠎ᠳᠤ ᠣᠷᠣᠵᠤ᠂ 《ᠬᠣᠶᠠᠷ ᠬᠠᠩᠭ᠋ᠠᠯᠭ᠎ᠠ ᠨᠢᠭᠡ ᠦᠢ᠍ᠯᠡᠰ》᠂ ᠬᠤᠳᠠ ᠵᠢᠨ ᠶᠠᠪᠤᠳᠠᠯ᠎ᠤᠨ ᠣᠷᠴᠢᠨ ᠲᠣᠭᠣᠷᠢᠨ᠎ᠤ ᠡᠷᠡᠭᠦᠯ ᠬᠠᠮᠠᠭ᠋ᠠᠯᠠᠯ᠂ ᠲᠥᠯᠥᠪᠯᠡᠭᠡᠲᠦ ᠦᠷᠡᠵᠢᠯ ᠵᠡᠷᠭᠡ ᠤᠯᠠᠨ ᠨᠡᠶ᠋ᠢᠲᠡ ᠵᠢᠨ ᠦᠢ᠍ᠯᠡᠴᠢᠯᠡᠭᠡ ᠪᠠ ᠨᠡᠶ᠋ᠢᠭᠡᠮ᠎ᠤᠨ ᠬᠠᠮᠢᠶᠠᠷᠤᠯᠲᠠ ᠵᠢᠨ ᠡᠭᠦᠷᠭᠡ ᠴᠢᠳᠠᠪᠤᠷᠢ ᠵᠢ ᠤᠷᠢᠳᠠᠪᠠᠷ ᠬᠦᠯᠢᠶᠡᠨ ᠠᠪᠴᠤ᠂ ᠰᠢᠶᠠᠩ ᠪᠠᠯᠭ᠋ᠠᠰᠤᠨ᠎ᠤ ᠳᠤᠯᠠᠭ᠋ᠠᠯᠭ᠎ᠠ ᠵᠢᠨ ᠠᠮᠤᠷ ᠲᠦᠪᠰᠢᠨ᠎ᠢ ᠬᠦᠴᠦᠲᠡᠶ ᠪᠠᠲᠤᠯᠠᠪᠠ᠃ ᠬᠠᠩᠭ᠋ᠠᠨ ᠪᠣᠷᠣᠯᠠᠭᠤᠯᠬᠤ ᠬᠣᠷᠰᠢᠶ᠎ᠠ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠪᠡᠶᠡᠯᠡᠭᠦᠯᠵᠦ᠂ ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠨᠡᠶ᠋ᠢᠭᠡᠮᠯᠢᠭ᠂ ᠤᠯᠠᠭ᠋ᠠᠨᠮᠥ᠋ᠴᠢᠷ᠎ᠤᠨ ᠬᠡᠷᠡᠭ ᠡᠷᠬᠢᠯᠡᠭᠴᠢᠳ᠎ᠤᠨ ᠬᠤᠷᠠᠯ᠎ᠢ ᠪᠠᠶ᠋ᠢᠭᠤᠯᠤᠨ᠂ ᠠᠵᠢᠯ ᠦᠢ᠍ᠯᠡᠰ᠎ᠤᠨ ᠨᠢᠭᠡᠴᠡ ᠵᠢᠨ ᠬᠠᠤᠯᠢ ᠵᠢᠨ ᠡᠷᠬᠡᠲᠡᠨ᠎ᠤ ᠵᠠᠰᠠᠯᠲᠠ ᠵᠢᠨ ᠪᠦᠲᠦᠴᠡ ᠵᠢᠨ ᠥᠭᠡᠷᠡᠴᠢᠯᠡᠯᠲᠡ᠎ᠳᠤ ᠪᠣᠳᠠᠲᠤ ᠦᠷ᠎ᠡ ᠪᠦᠲᠦᠮᠵᠢ ᠤᠯᠪᠠ᠃ ᠰᠢᠶᠠᠩ ᠪᠠᠯᠭ᠋ᠠᠰᠤᠨ᠎ᠤ ᠤᠳᠤᠷᠢᠳᠬᠤ ᠺᠠᠳ᠋ᠷ᠎ᠤᠨ ᠲᠤᠰᠢᠶᠠᠯ᠎ᠠᠴᠠ᠎ᠪᠠᠨ ᠰᠠᠯᠬᠤ ᠦᠶ᠎ᠡ ᠵᠢᠨ ᠡᠩ᠎ᠤᠨ ᠪᠡᠯᠡ ᠬᠦᠷᠦᠩᠭᠡ ᠵᠢᠨ ᠡᠬᠢ ᠢᠷᠡᠯᠳᠡ᠎ᠳᠤ ᠬᠢᠨᠠᠨ ᠪᠤᠳᠤᠯᠲᠠ᠎ᠢ ᠦᠷᠨᠢᠭᠦᠯᠤᠨ᠎ᠠ᠃ ᠵᠠᠰᠠᠭ᠎ᠤᠨ ᠣᠷᠳᠣᠨ᠎ᠤ ᠬᠤᠳᠠᠯᠳᠤᠨ ᠠᠪᠠᠨ᠋ᠥ ᠲᠣᠭᠲᠠᠴᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠬᠥᠯᠥᠨ ᠪᠣᠶ᠋ᠢᠷ ᠬᠣᠲᠠ᠎ᠳᠤ ᠡᠩ ᠲᠡᠷᠢᠭᠦᠨ᠎ᠳᠤ 《ᠰᠦᠯᠵᠢᠶᠡᠨ ᠳᠡᠭᠡᠷᠡᠬᠢ ᠬᠤᠳᠠᠯᠳᠤᠭ᠋ᠠᠨ᠎ᠤ ᠬᠣᠲᠠ》 ᠵᠢ ᠨᠡᠪᠲᠡᠷᠡᠭᠦᠯᠦᠨ᠎ᠡ᠃ 《ᠪᠠᠭᠤᠯᠭ᠋ᠠᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ ᠠᠬᠢᠭᠤᠯᠵᠤ᠂ ᠨᠢᠭᠡ ᠴᠤᠭᠴᠠᠵᠢᠭᠤᠯᠬᠤ ᠲᠠᠪᠴᠠᠩ᠎ᠤᠨ ᠪᠠᠶ᠋ᠢᠭᠤᠯᠤᠯᠲᠠ ᠵᠢ ᠪᠡᠶᠡᠯᠡᠭᠦᠯᠦᠨ᠂ 《ᠬᠣᠶᠠᠷ᠎ᠢ ᠲᠣᠬᠢᠶᠠᠯᠳᠤᠯ ᠵᠶ᠋ᠠᠷ ᠬᠢᠬᠦ᠂ ᠨᠢᠭᠡ ᠵᠢ ᠢᠯᠡ ᠪᠣᠯᠭ᠋ᠠᠬᠤ》 ᠬᠢᠨᠠᠯᠲᠠ ᠬᠠᠮᠢᠶᠠᠷᠤᠯᠲᠠ ᠵᠢ ᠪᠥᠬᠥ ᠲᠠᠯ᠎ᠠ᠎ᠪᠠᠷ ᠬᠡᠷᠡᠭᠵᠢᠭᠦᠯᠦᠨ᠎ᠡ᠃ ᠲᠠᠪᠤᠨ ᠵᠢᠯ᠎ᠤᠨ ᠲᠤᠷᠰᠢ ᠤᠯᠤᠰ᠎ᠤᠨ ᠳᠣᠲᠣᠭ᠋ᠠᠳᠤ ᠵᠢᠨ (ᠬᠤᠳᠠ ᠵᠢᠨ ᠭᠠᠳᠠᠨᠠᠬᠢ) ᠵᠢᠨ ᠪᠡᠯᠡ ᠮᠥᠩᠭᠥ ᠵᠢ 9.76 ᠳ᠋ᠦᠩᠰᠢᠭᠤᠷ ᠲᠥᠭᠥᠷᠢᠭ ᠣᠷᠣᠭᠤᠯᠤᠨ ᠠᠪᠴᠢᠷᠠᠪᠠ᠃
    ᠲᠠᠪᠤᠨ ᠵᠢᠯ᠎ᠤᠨ ᠲᠤᠷᠰᠢ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠢ ᠨᠠᠩ ᠬᠦᠴᠦᠲᠡᠶ ᠪᠣᠯᠭ᠋ᠠᠪᠠ᠃  《ᠠᠷᠪᠠᠨ ᠭᠤᠷᠪᠠᠳᠤᠭ᠋ᠠᠷ ᠲᠠᠪᠤᠨ ᠵᠢᠯ᠎ᠤᠨ ᠲᠥᠯᠥᠪᠵᠢᠭᠦᠯᠭᠡ》 ᠵᠢᠨ ᠬᠤᠭᠤᠴᠠᠭ᠋ᠠᠨ᠎ᠳᠤ ᠠᠷᠠᠳ᠎ᠤᠨ ᠠᠮᠢᠳᠤᠷᠠᠯ᠎ᠤᠨ ᠬᠦᠷᠢᠶᠡᠨ᠎ᠳᠤ ᠬᠡᠷᠡᠭᠯᠡᠭᠰᠡᠨ ᠵᠠᠷᠤᠯᠭ᠎ᠠ 65.6 ᠳ᠋ᠦᠩᠰᠢᠭᠤᠷ ᠲᠥᠭᠥᠷᠢᠭ᠎ᠲᠤ ᠬᠦᠷᠴᠦ᠂ ᠡᠩ᠎ᠤᠨ ᠣᠯᠠᠨ ᠨᠡᠶ᠋ᠢᠲᠡ ᠵᠢᠨ ᠲᠥᠰᠦᠪ᠎ᠤᠨ ᠵᠠᠷᠤᠯᠭ᠎ᠠ ᠵᠢᠨ 77.9% ᠵᠢ ᠡᠵᠡᠯᠡᠪᠡ᠃ 2020 ᠣᠨ᠎ᠳᠤ᠂ ᠬᠣᠲᠠ ᠪᠠᠯᠭ᠋ᠠᠰᠤᠨ᠎ᠤ ᠪᠠᠶ᠋ᠢᠩᠭᠤ ᠰᠠᠭᠤᠭ᠎ᠠ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ ᠵᠢ 29198 ᠲᠥᠭᠥᠷᠢᠭ᠎ᠲᠤ ᠬᠦᠷᠭᠡᠵᠦ᠂ ᠵᠢᠯ ᠪᠦᠷᠢ ᠳᠤᠮᠳᠠᠴᠢ᠎ᠪᠠᠷ 8.8%᠎ᠪᠠᠷ ᠨᠡᠮᠡᠭᠳᠡᠭᠦᠯᠦᠨ᠎ᠡ᠃ ᠠᠳᠠᠯ ᠦᠢ᠍ᠯᠡᠰ ᠴᠣᠭᠴᠠᠯᠠᠨ ᠠᠵᠢᠯ ᠣᠯᠭᠣᠬᠤ ᠵᠢ ᠴᠢᠷᠮᠠᠶ᠋ᠢᠨ ᠠᠬᠢᠭᠤᠯᠵᠤ᠂ ᠬᠤᠳᠠ ᠪᠠᠯᠭ᠋ᠠᠰᠤᠨ᠎ᠤ ᠠᠵᠢᠯ ᠣᠯᠤᠭᠰᠠᠳ᠎ᠢ ᠨᠡᠢ᠍ᠢ᠍ᠳᠡ 5516 ᠬᠥᠮᠦᠨ ᠰᠢᠨ᠎ᠡ᠎ᠪᠠᠷ ᠨᠡᠮᠡᠭᠳᠡᠭᠦᠯᠵᠦ᠂ ᠬᠤᠳᠠ ᠪᠠᠯᠭ᠋ᠠᠰᠤᠨ᠎ᠤ ᠳᠠᠩᠰᠠᠯᠠᠭᠤᠯᠤᠭᠰᠠᠨ ᠠᠵᠢᠯ ᠠᠯᠳᠠᠯᠲᠠ ᠵᠢᠨ ᠨᠤᠷᠮ᠎ᠠ ᠵᠢ 3.95% ᠵᠢᠨ ᠳᠣᠲᠣᠷ᠎ᠠ ᠬᠢᠵᠠᠭ᠋ᠠᠷᠯᠠᠪᠠ᠃ ᠨᠡᠶ᠋ᠢᠭᠡᠮ᠎ᠤᠨ ᠪᠠᠲᠤᠯᠠᠭ᠎ᠠ ᠵᠢᠨ ᠰᠢᠰᠲ᠋ᠧᠮ᠎ᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠬᠤᠳᠠ ᠬᠥᠳᠡᠭᠡ ᠵᠢᠨ ᠰᠠᠭᠤᠭ᠋ᠠᠯᠢ ᠠᠷᠠᠳ᠎ᠤᠨ ᠨᠠᠰᠤᠵᠢᠯ᠎ᠤᠨ ᠦᠨᠳᠦᠰᠦᠨ ᠳᠠᠭ᠋ᠠᠳᠬᠠᠯ᠎ᠢ ᠨᠡᠶ᠋ᠢᠳᠡᠮ ᠬᠡᠷᠡᠭᠵᠢᠭᠦᠯᠵᠦ᠂ ᠬᠤᠳᠠ ᠪᠠᠯᠭ᠋ᠠᠰᠤᠨ᠎ᠤ ᠨᠠᠭ᠋ᠠᠳᠤ ᠵᠠᠬ᠎ᠠ ᠵᠢᠨ ᠪᠠᠲᠤᠯᠠᠭ᠎ᠠ ᠵᠢᠨ ᠪᠠᠷᠢᠮᠵᠢᠶ᠎ᠠ ᠵᠢ 2015 ᠣᠨ᠎ᠳᠤ ᠰᠠᠷ᠎ᠠ ᠪᠦᠷᠢ 450 ᠲᠥᠭᠥᠷᠢᠭ ᠪᠠᠶ᠋ᠢᠭᠰᠠᠨ᠎ᠠᠴᠠ 660 ᠲᠥᠭᠥᠷᠢᠭ ᠪᠣᠯᠭ᠋ᠠᠨ ᠳᠡᠭᠡᠭᠰᠢᠯᠡᠭᠦᠯᠵᠦ᠂ ᠨᠠᠭ᠋ᠠᠳᠤ ᠵᠠᠬ᠎ᠠ ᠵᠢᠨ ᠪᠠᠲᠤᠯᠠᠭ᠎ᠠ ᠵᠢᠨ ᠮᠥᠩᠭᠥ ᠵᠢ ᠨᠡᠢ᠍ᠢ᠍ᠳᠡ 403 ᠳ᠋ᠦᠩᠰᠢᠭᠤᠷ ᠲᠥᠭᠥᠷᠢᠭ ᠲᠠᠷᠬᠠᠭ᠋ᠠᠪᠠ᠃ ᠪᠠᠲᠤᠯᠠᠭ᠎ᠠ ᠵᠢᠨ ᠴᠢᠨᠠᠷᠲᠠᠶ ᠬᠢᠮᠳᠠ ᠣᠷᠣᠨ ᠰᠠᠭᠤᠴᠠ ᠵᠢᠨ ᠢᠨᠵᠧᠨᠧᠷᠢᠩ᠎ᠢ ᠯᠠᠪᠳᠠᠭᠤᠨ ᠵᠶ᠋ᠠᠷ ᠲᠦᠯᠬᠢᠨ ᠠᠬᠢᠭᠤᠯᠵᠤ᠂ ᠨᠡᠢ᠍ᠢ᠍ᠳᠡ 10777 ᠢᠵᠢ ᠲᠦᠬᠦᠮ ᠪᠦᠳᠦᠴᠡᠳᠦ ᠣᠷᠣᠨ ᠰᠠᠭᠤᠴᠠ ᠵᠢᠨ ᠲᠣᠭᠣᠷᠢᠭ᠎ᠢ ᠥᠭᠡᠷᠡᠴᠢᠯᠡᠨ ᠵᠠᠰᠠᠵᠤ᠂ 75.4 ᠲᠦᠮᠡᠨ ᠲᠡᠭᠰᠢ ᠳᠥᠷᠪᠡᠯᠵᠢᠨ ᠮᠧᠲᠷ᠎ᠤᠨ ᠲᠠᠯᠠᠪᠠᠢ ᠵᠢ ᠥᠭᠡᠷᠡᠴᠢᠯᠡᠨ ᠵᠠᠰᠠᠵᠤ᠂ 1099 ᠢᠵᠢ ᠨᠡᠶ᠋ᠢᠲᠡ ᠵᠢᠨ ᠲᠦᠷᠢᠶᠡᠰᠦᠨ ᠣᠷᠣᠨ ᠰᠠᠭᠤᠴᠠ ᠵᠢ ᠬᠤᠪᠢᠶᠠᠷᠢᠯᠠᠵᠤ᠂ ᠤᠯᠠᠨ ᠲᠦᠮᠡᠨ᠎ᠤ ᠣᠷᠣᠨ ᠰᠠᠭᠤᠴᠠ ᠵᠢᠨ ᠨᠥᠬᠥᠴᠡᠯ᠎ᠢ ᠲᠤᠶ᠋ᠢᠯ᠎ᠤᠨ ᠶᠡᠬᠡ᠎ᠪᠠᠷ ᠰᠠᠶ᠋ᠢᠵᠢᠷᠠᠭᠤᠯᠪᠠ᠃
    ᠲᠠᠪᠤᠨ ᠵᠢᠯ᠎ᠤᠨ ᠲᠤᠷᠰᠢ᠂ ᠨᠡᠶ᠋ᠢᠭᠡᠮ᠎ᠤᠨ ᠦᠢ᠍ᠯᠡᠰ ᠪᠦᠬᠦ ᠲᠠᠯ᠎ᠠ᠎ᠪᠠᠷ ᠳᠠᠪᠰᠢᠪᠠ᠃ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠵᠦ᠂ ᠰᠤᠷᠬᠤ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠎ᠤᠨ ᠶᠠᠰᠤ ᠴᠢᠨᠠᠷ᠎ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠢ ᠲᠡᠩᠴᠡᠭᠦᠷᠢᠲᠡᠶ ᠬᠥᠭᠵᠢᠭᠦᠯᠵᠦ᠂ ᠭᠡᠭᠡᠨ ᠭᠣᠤᠯ ᠬᠤᠳᠠ᠎ᠤᠨ ᠬᠣᠶᠠᠳᠤᠭ᠋ᠠᠷ ᠳᠤᠮᠳᠠᠳᠤ ᠰᠤᠷᠭ᠋ᠠᠭᠤᠯᠢ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭ᠋ᠠᠯᠲᠠ᠎ᠳᠤ ᠵᠢᠩᠬᠢᠨᠢ ᠠᠩᠭᠢ ᠵᠢᠨ ᠰᠦᠯᠵᠢᠶᠡᠨ᠎ᠳᠤ ᠤᠷᠤᠭᠰᠠᠨ ᠨᠣᠷᠮ᠎ᠠ ᠤᠳᠠᠭ᠎ᠠ ᠳᠠᠷᠠᠭ᠋ᠠᠯᠠᠨ ᠰᠢᠨ᠎ᠡ ᠲᠡᠮᠳᠡᠭᠯᠡᠯ᠎ᠢ ᠡᠭᠦᠳᠪᠡ᠃ ᠤᠯᠠᠨ ᠲᠦᠮᠡᠨ᠎ᠤ ᠡᠮ ᠡᠮᠨᠡᠯᠭᠡ ᠵᠢᠨ ᠵᠠᠷᠤᠳᠠᠯ᠎ᠢ ᠵᠢᠯ ᠳᠠᠷᠠᠭ᠋ᠠᠯᠠᠨ ᠪᠠᠭᠤᠷᠠᠭᠤᠯᠵᠤ᠂ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠣᠷᠢᠶᠠᠨ᠎ᠤ ᠡᠮ ᠡᠮᠨᠡᠯᠭᠡ ᠵᠢᠨ ᠵᠠᠷᠤᠳᠠᠯ᠎ᠤᠨ ᠡᠵᠡᠯᠡᠬᠦ ᠬᠠᠷᠢᠴᠠᠯ᠎ᠢ  7.6%  ᠎ᠪᠠᠷ ᠪᠠᠭᠤᠷᠠᠭᠤᠯᠪᠠ᠃ ᠬᠢᠲᠠᠳ ᠡᠮᠨᠡᠯᠭᠡ ᠵᠢᠨ ᠡᠪᠡᠳᠴᠢᠯᠡᠭᠡᠳᠦᠶ ᠵᠢ ᠡᠮᠨᠡᠨ ᠵᠠᠰᠠᠬᠤ ᠠᠵᠢᠯ᠎ᠢ ᠪᠥᠬᠥ ᠲᠠᠯ᠎ᠠ᠎ᠪᠠᠷ ᠳᠡᠯᠭᠡᠷᠡᠭᠦᠯᠵᠦ᠂ ᠮᠠᠨ᠎ᠤ ᠬᠣᠲᠠ 《ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠤᠳᠠᠭ᠋ᠠᠨ ᠴᠢᠨᠠᠷᠲᠠᠶ ᠡᠪᠡᠳᠴᠢᠨ᠎ᠢ ᠶᠡᠷᠦᠩᠬᠡᠶ᠋ᠢᠯᠡᠨ ᠰᠡᠷᠭᠡᠶ᠋ᠢᠯᠡᠨ ᠡᠵᠡᠮᠳᠡᠬᠦ ᠵᠢᠱ᠌ᠢᠶ᠎ᠡ ᠦᠵᠡᠭᠦᠯᠬᠦ ᠣᠷᠣᠨ》 ᠵᠶ᠋ᠠᠷ ᠦᠨᠡᠯᠡᠭᠳᠡᠪᠡ᠃ ᠰᠣᠶᠣᠯ ᠪᠡᠶ᠎ᠡ ᠵᠢᠨ ᠲᠠᠮᠢᠷ᠎ᠤᠨ ᠦᠢ᠍ᠯᠡᠰ ᠴᠡᠴᠡᠭᠯᠡᠨ ᠬᠥᠭᠵᠢᠵᠦ᠂ ᠮᠧᠶ ᠯᠢᠨ᠂ ᠲᠢᠶᠸ ᠰᠢ᠂ ᠬᠢᠩᠭ᠋ᠠᠨ᠂ ᠤᠯᠠᠭ᠋ᠠᠨ ᠲᠣᠭ ᠳᠥᠷᠪᠡᠨ ᠨᠡᠶ᠋ᠢᠭᠡᠮ ᠲᠣᠭᠣᠷᠢᠭ᠎ᠤᠨ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠵᠢᠨ ᠲᠥᠪ᠎ᠢ ᠠᠰᠢᠭᠯᠠᠯᠲᠠ᠎ᠳᠤ ᠣᠷᠣᠭᠤᠯᠪᠠ᠃ ᠮᠠᠨ᠎ᠤ ᠬᠣᠲᠠ ᠵᠢᠨ ᠲᠠᠮᠢᠷᠴᠢᠳ ᠬᠥᠯᠥᠨ ᠪᠣᠶ᠋ᠢᠷ ᠬᠣᠲᠠ ᠵᠢᠨ ᠲᠠᠰ᠎ᠠᠴᠠ ᠳᠡᠭᠡᠭᠰᠢᠬᠢ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠱᠠᠩᠨᠠᠯ ᠮᠧᠳᠠᠯ᠎ᠢ ᠨᠡᠶ᠋ᠢᠲᠡ 431 ᠣᠯᠵᠤ᠂ ᠠᠵᠢᠯ᠎ᠤᠨ ᠴᠢᠯᠥᠭᠡᠨ᠎ᠤ ᠪᠡᠶ᠎ᠡ ᠵᠢᠨ ᠲᠠᠮᠢᠷ᠎ᠤᠨ ᠰᠤᠷᠭ᠋ᠠᠭᠤᠯᠢ ᠵᠢ ᠥᠪᠡᠷᠲᠡᠭᠡᠨ ᠵᠠᠰᠠᠬᠤ ᠣᠷᠣᠨ᠎ᠤ ᠤᠷᠤᠯᠳᠤᠭ᠋ᠠᠨ᠎ᠤ ᠪᠡᠶ᠎ᠡ ᠵᠢᠨ ᠲᠠᠮᠢᠷ᠎ᠤᠨ ᠪᠡᠯᠡᠳᠬᠡᠯ ᠴᠢᠳᠠᠪᠤᠷᠢᠲᠠᠨ᠎ᠤ ᠰᠠᠭᠤᠷᠢᠨ ᠭᠠᠵᠠᠷ ᠵᠶ᠋ᠠᠷ ᠲᠣᠭᠲᠠᠭ᠋ᠠᠪᠠ᠃ ᠤᠯᠠᠭ᠋ᠠᠨᠮᠥ᠋ᠴᠢᠷ᠎ᠤᠨ ᠡᠩᠨᠡᠭᠡ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ 15 ᠲᠣᠭᠯᠠᠭᠴᠢ ᠡᠯᠰᠡᠵᠦ᠂ 《ᠳᠣᠮᠣᠭᠯᠢᠭ ᠦᠯᠢᠭᠡᠷ · ᠣᠯᠭᠣᠶᠠ》 ᠵᠡᠷᠭᠡ ᠲᠠᠶ᠋ᠢᠰᠠᠨ᠎ᠤ ᠵᠦᠴᠦᠭᠡ ᠵᠢ ᠵᠣᠬᠢᠶᠠᠨ ᠪᠦᠲᠦᠭᠡᠪᠡ᠃ 《ᠳᠣᠭᠰᠢᠨ ᠤᠷᠤᠰᠬᠠᠯ᠎ᠤᠨ ᠭᠣᠤᠯ᠎ᠤᠨ ᠬᠥᠪᠡᠭᠡᠨ᠎ᠳᠠᠬᠢ ᠳᠣᠮᠣᠭ》 ᠵᠡᠷᠭᠡ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭ᠋ᠠᠯᠠᠯᠲᠠ ᠵᠢᠨ ᠴᠤᠪᠤᠷᠠᠯ ᠪᠢᠴᠢᠭ᠎ᠢ ᠡᠮᠬᠢᠳᠬᠡᠨ ᠬᠡᠪᠯᠡᠭᠦᠯᠵᠦ᠂ ᠪᠥᠬᠥ ᠤᠯᠤᠰ᠎ᠤᠨ ᠡᠸᠡᠩᠬᠢ ᠦᠨᠳᠦᠰᠦᠲᠡᠨ᠎ᠤ ᠰᠣᠶᠣᠯ᠎ᠢ ᠤᠯᠠᠮᠵᠢᠯᠠᠨ ᠰᠣᠯᠢᠯᠴᠠᠬᠤ ᠴᠤᠭᠯᠠᠭ᠋ᠠᠨ᠎ᠢ ᠡᠷᠭᠢᠯᠡᠵᠦ᠂ ᠴᠥᠭᠡᠨ ᠲᠣᠭ᠋ᠠᠲᠤ ᠦᠨᠳᠦᠰᠦᠲᠡᠨ᠎ᠤ ᠬᠥᠭᠵᠢᠯᠲᠡ ᠵᠢᠨ ᠨᠡᠶ᠋ᠢᠲᠡ 1555 ᠲᠦᠮᠡᠨ ᠲᠥᠭᠥᠷᠢᠭ᠎ᠤᠨ ᠪᠠᠯᠠ ᠮᠥᠩᠭᠥ ᠤᠯᠬᠤ᠎ᠪᠠᠷ ᠴᠢᠷᠮᠠᠶ᠋ᠢᠪᠠ᠃ ᠠᠮᠤᠷ ᠲᠦᠪᠰᠢᠨ ᠭᠡᠭᠡᠨ ᠭᠣᠣᠯ᠎ᠤᠨ ᠪᠦᠳᠦᠭᠡᠨ ᠪᠠᠶ᠋ᠢᠭᠤᠯᠤᠯᠲᠠ ᠵᠢ ᠭᠦᠨᠵᠡᠭᠡᠶ᠋ᠢᠷᠡᠭᠦᠯᠵᠦ᠂ ᠬᠤᠳᠠ ᠪᠠᠯᠭ᠋ᠠᠰᠤᠨ᠎ᠤ ᠭᠠᠯ ᠤᠨᠲᠠᠷᠠᠭ᠋ᠠᠬᠤ᠂ ᠠᠶᠤᠯᠭᠦᠶ ᠦᠢ᠍ᠯᠡᠳᠪᠦᠷᠢᠯᠡᠯ ᠪᠠ ᠢᠳᠡᠭᠡᠨ᠎ᠤ ᠵᠦᠢ᠍ᠯ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠡᠷᠴᠢᠮ᠎ᠢ ᠦᠷᠭᠦᠯᠵᠢᠯᠡᠨ ᠴᠢᠩᠭ᠋ᠠᠷᠠᠭᠤᠯᠵᠤ᠂ ᠡᠯ᠎ᠡ ᠵᠦᠢ᠍ᠯ᠎ᠤᠨ ᠭᠡᠨᠡᠳᠲᠡ ᠡᠭᠦᠰᠦᠭᠰᠡᠨ ᠤᠯᠠᠨ ᠨᠡᠶ᠋ᠢᠲᠡ ᠵᠢᠨ ᠬᠡᠷᠡᠭ᠎ᠢ ᠠᠷᠭ᠋ᠠᠴᠠᠬᠤ ᠴᠢᠳᠠᠪᠤᠷᠢ ᠵᠢ ᠪᠦᠬᠦ ᠲᠠᠯ᠎ᠠ᠎ᠪᠠᠷ ᠴᠢᠩᠭ᠋ᠠᠳᠬᠠᠪᠠ᠃ ᠰᠢᠨ᠎ᠡ   ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ ᠬᠦᠴᠦᠲᠡᠶ ᠪᠥᠭᠡᠳ ᠪᠦᠲᠦᠮᠵᠢᠲᠡᠶ ᠪᠠᠶ᠋ᠢᠵᠤ᠂ ᠨᠡᠶ᠋ᠢᠭᠡᠮ᠎ᠤᠨ ᠶᠡᠬᠡ ᠲᠠᠯ᠎ᠠ ᠡᠶ᠎ᠡ ᠵᠣᠬᠢᠴᠠᠯ᠎ᠲᠠᠢ ᠪᠥᠭᠡᠳ ᠲᠣᠭᠲᠠᠭᠤᠨ ᠪᠠᠶ᠋ᠢᠨ᠎ᠠ᠃ ᠲᠠᠩᠰᠠ ᠡᠪᠬᠡᠮᠡᠯ ᠲᠡᠤᠬᠡ ᠣᠶ᠋ᠢᠯᠠᠯᠭ᠎ᠠ᠂ ᠴᠠᠭ ᠠᠭᠤᠷ᠂ ᠠᠷᠠᠳ᠎ᠤᠨ ᠠᠭ᠋ᠠᠷ᠎ᠤᠨ ᠰᠡᠷᠭᠡᠶ᠋ᠢᠯᠡᠯᠲᠡ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠳᠠᠶ᠋ᠢᠴᠢᠯᠠᠯᠲᠠ᠂ ᠬᠣᠶᠠᠷ᠎ᠢ ᠬᠦᠷᠢᠶᠡᠯᠡᠬᠦ᠂ ᠤᠯᠠᠭ᠋ᠠᠨ ᠵᠠᠭ᠋ᠠᠯᠮᠠᠶ᠋ᠢᠲᠠᠨ᠎ᠤ ᠬᠣᠯᠪᠣᠭ᠎ᠠ᠂ ᠵᠡᠮᠳᠡᠭᠴᠦᠳ᠎ᠤᠨ ᠬᠣᠯᠪᠣᠭ᠎ᠠ᠂ ᠠᠵᠤ ᠦᠢ᠍ᠯᠡᠳᠪᠦᠷᠢ ᠬᠤᠳᠠᠯᠳᠤᠭ᠋ᠠᠨ᠎ᠤ ᠬᠣᠯᠪᠣᠭ᠎ᠠ᠂ ᠨᠠᠰᠤᠲᠠᠶ᠋ᠢᠴᠤᠳ᠎ᠤᠨ ᠬᠣᠯᠪᠣᠭ᠎ᠠ᠂ ᠠᠵᠢᠯᠴᠢᠨ᠎ᠤ ᠡᠪᠯᠡᠯ᠂ ᠵᠠᠯᠠᠭᠤᠴᠤᠳ᠎ᠤᠨ ᠡᠪᠯᠡᠯ᠂ ᠡᠮᠡᠭᠲᠡᠶ᠋ᠢᠴᠦᠳ᠎ᠤᠨ ᠬᠣᠯᠪᠣᠭ᠎ᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠨᠡᠶ᠋ᠢᠭᠡᠮᠯᠢᠭ᠂ ᠬᠣᠶ᠋ᠢᠴᠢ ᠦᠶ᠎ᠡ ᠵᠢᠨ᠎ᠬᠢᠨ ᠵᠶ᠋ᠠᠨ ᠬᠠᠯᠠᠮᠵᠢᠯᠠᠬᠤ ᠵᠡᠷᠭᠡ ᠠᠵᠢᠯ ᠴᠥᠮ ᠰᠢᠨ᠎ᠡ ᠠᠬᠢᠴᠠ᠎ᠲᠠᠢ ᠪᠣᠯᠪᠠ᠃
    ᠲᠠᠪᠤᠨ ᠵᠢᠯ᠎ᠤᠨ ᠲᠤᠷᠰᠢ᠂ ᠵᠠᠰᠠᠭ᠎ᠤᠨ ᠣᠷᠳᠣᠨ᠎ᠤ ᠦᠢ᠍ᠯᠡᠳᠦᠯ ᠴᠢᠳᠠᠪᠤᠷᠢ ᠲᠠᠰᠤᠷᠠᠯᠲᠠ ᠦᠭᠡᠢ ᠳᠡᠭᠡᠭᠰᠢᠯᠡᠪᠡ᠃ ᠬᠠᠤᠯᠢ ᠶᠣᠰᠣᠭ᠋ᠠᠷ ᠵᠠᠰᠠᠭ ᠶᠠᠪᠤᠭᠤᠯᠬᠤ ᠪᠠ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠢ ᠪᠦᠬᠦ ᠲᠠᠯ᠎ᠠ᠎ᠪᠠᠷ ᠲᠦᠯᠬᠢᠨ ᠠᠬᠢᠭᠤᠯᠵᠤ᠂ ᠳᠣᠯᠣᠳᠤᠭ᠋ᠠᠷ ᠲᠠᠪᠤᠨ ᠵᠢᠯ᠎ᠤᠨ ᠲᠥᠯᠥᠪᠯᠡᠭᠡᠨ᠎ᠤ ᠬᠤᠭᠤᠴᠠᠭ᠋ᠠᠨ᠎ᠳᠠᠬᠢ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠠᠵᠢᠯ᠎ᠢ ᠲᠡᠭᠦᠰ ᠠᠮᠵᠢᠯᠲᠠ᠎ᠲᠠᠢ ᠪᠡᠶᠡᠯᠡᠭᠦᠯᠵᠦ᠂ ᠠᠷᠠᠳ᠎ᠤᠨ ᠡᠶᠡᠳᠡᠭᠦᠯᠭᠡ᠂ ᠬᠠᠤᠯᠢ ᠴᠠᠭ᠋ᠠᠵᠠ ᠵᠢᠨ ᠲᠤᠰᠠᠯᠠᠮᠵᠢ᠂ ᠨᠡᠶ᠋ᠢᠭᠡᠮ ᠲᠣᠭᠣᠷᠢᠭ᠎ᠲᠤ ᠵᠠᠯᠠᠷᠠᠭᠤᠯᠬᠤ ᠠᠵᠢᠯ᠎ᠢ ᠴᠢᠩᠭ᠋ᠠᠳᠬᠠᠪᠠ᠃ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠠᠤᠯᠢ ᠶᠣᠰᠣᠭ᠋ᠠᠷ ᠬᠢᠨᠠᠯᠲᠠ ᠲᠠᠯᠪᠢᠬᠤ ᠪᠠ ᠤᠯᠤᠰ ᠲᠦᠷᠦ ᠵᠢᠨ ᠵᠥᠪᠯᠡᠯᠭᠡᠨ᠎ᠤ ᠠᠷᠠᠳᠴᠢᠯᠠᠯ ᠵᠶ᠋ᠠᠷ ᠬᠢᠨᠠᠯᠲᠠ ᠲᠠᠯᠪᠢᠬᠤ ᠵᠢ ᠤᠬᠠᠮᠰᠠᠷ᠎ᠠᠴᠠ᠎ᠪᠠᠨ ᠬᠦᠯᠢᠶᠡᠵᠦ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢ᠍ᠯᠡᠳᠪᠦᠷᠢ ᠬᠤᠳᠠᠯᠳᠤᠭ᠋ᠠᠴᠢᠳ᠎ᠤᠨ ᠬᠣᠯᠪᠣᠭ᠋ᠠᠲᠤ ᠡᠪᠯᠡᠯ ᠪᠠ ᠨᠠᠮ ᠪᠦᠯᠦᠭ᠎ᠤᠨ ᠪᠤᠰᠤ ᠬᠥᠮᠦᠰ᠎ᠤᠨ ᠰᠠᠨᠠᠯ᠎ᠢ ᠥᠷᠭᠡᠨ ᠵᠶ᠋ᠠᠷ ᠰᠣᠨᠣᠰᠴᠤ᠂ ᠡᠯ᠎ᠡ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢᠳ᠎ᠤᠨ ᠰᠠᠨᠠᠭᠤᠯᠭ᠎ᠠ ᠪᠠ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠳ᠎ᠤᠨ ᠰᠠᠨᠠᠯ ᠵᠥᠪᠯᠡᠯᠭᠡ ᠵᠢ ᠨᠡᠢ᠍ᠢ᠍ᠳᠡ 454 ᠬᠤᠪᠢ ᠰᠢᠢ᠍ᠳᠪᠦᠷᠢᠯᠡᠵᠦ᠂ ᠰᠢᠢ᠍ᠳᠪᠦᠷᠢᠯᠡᠵᠦ ᠬᠠᠷᠢᠭᠤᠯᠲᠠ ᠥᠭᠭᠦᠭᠰᠡᠨ ᠨᠤᠷᠮ᠎ᠠ 100%᠎ᠳᠤ ᠬᠦᠷᠪᠡ᠃ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠵᠢᠨ ᠪᠡᠶᠡᠴᠢ ᠴᠣᠭᠴᠠ ᠵᠢᠨ ᠬᠠᠷᠢᠭᠤᠴᠠᠯᠭ᠎ᠠ ᠪᠠ 《ᠨᠢᠭᠡ ᠠᠵᠢᠯ᠎ᠤᠨ ᠪᠠᠶ᠋ᠢᠷᠢ ᠬᠣᠶᠠᠷ ᠬᠠᠷᠢᠭᠤᠴᠠᠯᠭ᠎ᠠ》 ᠵᠢ ᠴᠢᠩᠭ᠎ᠠ ᠭᠦᠢ᠍ᠴᠡᠳᠬᠡᠵᠦ᠂ 《  ᠤᠭ ᠰᠠᠨᠠᠭ᠎ᠠ᠎ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ》 ᠭᠣᠣᠯ ᠰᠡᠳᠦᠪᠲᠦ ᠬᠥᠮᠦᠵᠢᠯ᠎ᠢ ᠭᠦᠨᠵᠡᠭᠡᠶ ᠥᠷᠨᠢᠭᠦᠯᠵᠦ᠂ 《ᠭᠤᠷᠪᠠᠨ ᠵᠦᠢ᠍ᠯ᠎ᠤᠨ ᠠᠯᠪᠠᠨ᠎ᠤ ᠵᠠᠷᠤᠳᠠᠯ》᠎ᠢ ᠵᠢᠯ ᠳᠠᠷᠠᠭ᠋ᠠᠯᠠᠨ ᠪᠠᠭ᠋ᠠᠰᠬᠠᠵᠤ᠂ ᠵᠠᠰᠠᠭ᠎ᠤᠨ ᠣᠷᠳᠣᠨ᠎ᠤ ᠦᠢ᠍ᠯᠡᠴᠢᠯᠡᠭᠡᠨ᠎ᠤ ᠴᠢᠳᠠᠪᠤᠷᠢ ᠵᠢᠨ ᠪᠠᠶ᠋ᠢᠭᠤᠯᠤᠯᠲᠠ ᠵᠢ ᠦᠷᠭᠦᠯᠵᠢᠯᠡᠨ ᠴᠢᠩᠭ᠋ᠠᠳᠬᠠᠵᠤ᠂ ᠵᠠᠰᠠᠭ᠎ᠤᠨ ᠣᠷᠳᠣᠨ᠎ᠤ ᠵᠠᠰᠠᠭ ᠵᠠᠬᠢᠷᠭ᠋ᠠᠨ᠎ᠤ ᠦᠢ᠍ᠯᠡᠳᠦᠯ ᠴᠢᠳᠠᠪᠤᠷᠢ ᠵᠢ ᠢᠯᠡᠳᠲᠡ ᠳᠡᠭᠡᠭᠰᠢᠯᠡᠭᠦᠯᠪᠡ᠃

ᠢᠷᠡᠯᠲᠡ᠄ ᠭᠡᠭᠡᠨ ᠭᠤᠤᠯ ᠬᠤᠳᠠ ᠵᠢᠨ ᠵᠠᠰᠠᠭ᠎ᠤᠨ ᠤᠷᠳᠤᠨ
Baidu
map