2026 ᠣᠨ᠎ᠤ 3 ᠰᠠᠷ᠎ᠠ ᠵᠢᠨ 10 ᠤ ᠡᠳᠦᠷ ᠭᠡᠭᠡᠡ ᠭᠣᠣᠯ ᠬᠤᠲᠠ ᠵᠢᠨ ᠵᠢᠷᠭᠤᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ ᠦ᠋᠊ᠨ ᠶᠡᠬᠡ ᠬᠤᠷᠠᠯ ᠲᠠᠪᠤᠳᠤᠭ᠋ᠠᠷ ᠬᠤᠷᠠᠯᠳᠤᠭ᠋ᠠᠨ ᠳᠡᠭᠡᠷ᠎ᠡ
ᠭᠡᠭᠡᠨ ᠭᠤᠤᠯ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠪᠠᠶ᠋ᠢᠩᠭᠤ ᠵᠢᠨ ᠳᠡᠳ᠋ ᠬᠣᠲᠠ ᠵᠢᠨ ᠳᠠᠷᠤᠭ᠎ᠠ ᠵᠠᠩ ᠬᠤᠸᠠ
ᠲᠥᠯᠥᠭᠡᠯᠡᠭᠴᠢᠳ ᠡ᠄
ᠣᠳᠣ ᠪᠢ ᠭᠡᠭᠡᠨ ᠭᠣᠣᠯ ᠬᠣᠲᠠ ᠵᠢᠨ ᠠᠷᠠᠳ᠎ᠤᠨ ᠵᠠᠰᠠᠭ ᠣᠷᠳᠣᠨ᠎ᠤ ᠶᠡᠬᠡ ᠬᠤᠷᠠᠯ᠎ᠳᠤ ᠠᠵᠢᠯ᠎ᠤᠨ ᠢᠯᠡᠳᠬᠡᠯ ᠬᠢᠶ᠎ᠡ᠂ ᠤᠯᠤᠰ ᠲᠥᠷᠦ ᠵᠢᠨ ᠵᠥᠪᠯᠡᠯᠭᠡᠨ᠎ᠤ ᠭᠡᠰᠢᠭᠦᠳ ᠪᠣᠯᠤᠨ ᠬᠤᠷᠠᠯ᠎ᠳᠤ ᠰᠤᠯᠠ ᠣᠷᠣᠯᠴᠠᠭᠰᠠᠨ ᠨᠥᠬᠥᠳ ᠰᠠᠨᠠᠯ ᠵᠶ᠋ᠠᠨ ᠃
ᠨᠢᠭᠡ᠂ ᠥᠩᠭᠡᠷᠡᠭᠰᠡᠨ ᠲᠠᠪᠤᠨ ᠵᠢᠯ ᠦ᠋᠊ᠨ ᠠᠵᠢᠯ᠎ᠤᠨ ᠡᠷᠭᠢᠴᠡᠭᠦᠯᠦᠯ
《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠥᠪᠵᠢᠭᠦᠯᠭᠡ ᠵᠢᠨ ᠬᠤᠭᠤᠴᠠᠭ᠎ᠠ ᠪᠣᠯ ᠭᠡᠭᠡᠨ ᠭᠣᠣᠯ ᠬᠣᠲᠠ ᠵᠢᠨ ᠬᠥᠭᠵᠢᠯᠲᠡ ᠵᠢᠨ ᠠᠬᠢᠴᠠ ᠳᠤᠮᠳᠠᠬᠢ ᠴᠢᠬᠤᠯᠠ ᠠᠴᠢ ᠬᠣᠯᠪᠣᠭᠳᠠᠯ᠎ᠲᠠᠢ ᠲᠠᠪᠤᠨ ᠵᠢᠯ ᠪᠣᠯᠤᠨ᠎ᠠ᠃
ᠲᠠᠪᠤᠨ ᠵᠢᠯ ᠦ᠋᠊ᠨ ᠲᠤᠷᠰᠢ᠂ ᠬᠣᠲᠠ ᠵᠢᠨ ᠨᠠᠮ᠎ᠤᠨ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠪᠢᠳᠡ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠤᠤᠯ ᠰᠢᠵᠢᠮ᠎ᠢ ᠪᠥᠬᠥ ᠲᠠᠯ᠎ᠠ᠎ᠪᠠᠷ ᠲᠤᠭᠤᠰᠢᠯᠠᠭᠤᠯᠵᠤ᠂ 《ᠬᠣᠶᠠᠷ ᠶᠡᠬᠡ ᠶᠠᠪᠤᠳᠠᠯ》 ᠢ ᠰᠠᠶ᠋ᠢᠲᠤᠷ ᠬᠢᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠳᠠᠷᠤᠯᠲᠠ ᠵᠢ ᠳᠠᠭ᠋ᠠᠭ᠋ᠠᠨ ᠡᠷᠡᠮᠡᠬᠡᠶ᠋ᠢᠯᠡᠨ ᠤᠷᠤᠭᠰᠢᠯᠠᠵᠤ᠂ 《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠥᠪᠵᠢᠭᠦᠯᠭᠡ ᠵᠢᠨ ᠡᠭᠦᠷᠭᠡ ᠵᠢ ᠲᠡᠭᠦᠰ ᠠᠮᠵᠢᠯᠲᠠ᠎ᠲᠠᠢ ᠪᠡᠶᠡᠯᠡᠭᠦᠯᠵᠦ᠂ ᠣᠳᠣᠬᠢᠴᠢᠯᠠᠭᠰᠠᠨ ᠭᠡᠭᠡᠨ ᠭᠤᠤᠯ᠎ᠤᠨ ᠪᠥᠲᠥᠭᠡᠨ ᠪᠠᠶ᠋ᠢᠭᠤᠯᠤᠯᠲᠠ ᠯᠠᠪᠳᠠᠭᠤᠨ ᠪᠠᠲᠤᠲᠠᠶ ᠃
ᠲᠠᠪᠤᠨ ᠵᠢᠯ ᠦ᠋᠊ᠨ ᠲᠤᠷᠰᠢ᠂ ᠪᠢᠳᠠ ᠬᠥᠭᠵᠢᠯᠲᠡ᠎ᠪᠠᠷ ᠭᠣᠣᠯ ᠪᠣᠯᠭ᠋ᠠᠬᠤ ᠵᠢ ᠪᠠᠷᠢᠮᠲᠠᠯᠠᠵᠤ᠂ ᠬᠡᠯᠪᠡᠷᠢ᠎ᠪᠠᠨ ᠬᠤᠪᠢᠷᠠᠭᠤᠯᠬᠤ ᠠᠯᠬᠤᠴᠠ᠎ᠪᠠᠨ ᠪᠦᠬᠦ ᠲᠠᠯ᠎ᠠ᠎ᠪᠠᠷ ᠲᠦᠷᠭᠡᠳᠬᠡᠪᠡ᠃ ᠭᠠᠵᠠᠷ ᠣᠷᠣᠨ᠎ᠤ ᠦᠢ᠍ᠯᠡᠳᠪᠦᠷᠢᠯᠡᠯ ᠦ᠋᠊ᠨ ᠶᠡᠷᠦᠩᠬᠡᠶ ᠥᠷᠲᠡᠭ 32 . 54 ᠳ᠋ᠦᠩᠰᠢᠭᠤᠷ ᠲᠥᠭᠥᠷᠢᠭ ᠪᠠᠶ᠋ᠢᠭᠰᠠᠨ᠎ᠠᠴᠠ᠎ᠪᠠᠨ ᠳᠡᠭᠡᠭᠰᠢᠯᠡᠭᠡᠳ 38 . 47 ᠳ᠋ᠦᠩᠰᠢᠭᠤᠷ ᠲᠥᠭᠥᠷᠢᠭ ᠪᠣᠯᠪᠠ᠃ ᠨᠡᠶ᠋ᠢᠲᠡ 77 ᠭᠣᠣᠯᠳᠠᠯᠭ᠎ᠠ᠎ᠲᠠᠢ ᠲᠥᠷᠥᠯ ᠵᠦᠢ᠍ᠯ᠎ᠢ ᠂ 35 . 8 ᠳ᠋ᠦᠩᠰᠢᠭᠤᠷ ᠲᠥᠭᠥᠷᠢᠭ ᠦ᠋᠊ᠨ ᠪᠡᠯᠡ ᠣᠷᠣᠭᠤᠯᠤᠯᠲᠠ ᠵᠢ ᠪᠡᠶᠡᠯᠡᠭᠦᠯᠪᠡ᠃ ᠤᠷᠢᠵᠤ ᠪᠡᠯᠡ ᠲᠠᠲᠠᠬᠤ ᠲᠥᠷᠥᠯ ᠵᠦᠢ᠍ᠯ ᠨᠡᠶ᠋ᠢᠲᠡ 94 ᠪᠠᠶ᠋ᠢᠵᠤ᠂ ᠬᠣᠲᠠ ᠵᠢᠨ ᠭᠠᠳᠠᠨᠠᠬᠢ ᠪᠡᠯᠡ ᠮᠥᠩᠭᠥ ᠵᠢ 18 . 2 ᠳ᠋ᠦᠩᠰᠢᠭᠤᠷ ᠲᠥᠭᠥᠷᠢᠭ ᠲᠡᠳᠡᠨ ᠣᠷᠣᠭᠤᠯᠵᠤ᠂ ᠠᠵᠤ ᠠᠬᠤᠢ ᠵᠢᠨ ᠬᠥᠭᠵᠢᠯᠲᠡ ᠲᠣᠭᠲᠠᠭᠤᠨ᠎ᠤ ᠳᠤᠮᠳᠠ ᠲᠠᠢ ᠪᠣᠯᠪᠠ᠃ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ ᠠᠭᠤᠰᠤᠯᠴᠠᠨ ᠬᠥᠭᠵᠢᠪᠡ᠃ ᠣᠯᠭᠣᠶᠠ 4 A ᠲᠠᠰ᠎ᠤᠨ ᠦᠵᠡᠮᠵᠢ ᠵᠢᠨ ᠣᠷᠣᠨ ᠂ ᠶᠡᠬᠡ ᠰᠠᠮᠠ ᠤᠯᠤᠰ᠎ᠤᠨ ᠣᠶ ᠰᠢᠭᠤᠶ ᠵᠢᠨ ᠴᠡᠴᠡᠷᠯᠢᠭ 3 A ᠲᠠᠰ᠎ᠤᠨ ᠦᠵᠡᠮᠵᠢ ᠵᠢᠨ ᠣᠷᠣᠨ ᠪᠣᠯᠵᠠᠶ᠃ ᠭᠡᠭᠡᠨ ᠭᠣᠣᠯ᠎ᠤᠨ ᠡᠬᠢ ᠵᠢᠨ ᠤᠯᠤᠰ ᠨᠤᠭᠤ ᠭᠠᠵᠠᠷ᠎ᠤᠨ ᠴᠡᠴᠡᠷᠯᠢᠭ᠎ᠨᠢ ᠤᠯᠤᠰ ᠲᠡᠰ᠎ᠤᠨ ᠵᠢᠭᠤᠯᠴᠢᠯᠠᠯ᠎ᠤᠨ ᠦᠢ᠍ᠯᠡᠴᠢᠯᠡᠭᠡᠨ᠎ᠤ ᠪᠠᠷᠢᠮᠵᠢᠶᠠᠵᠢᠭᠰᠠᠨ ᠲᠤᠷᠰᠢᠯᠲᠠ ᠵᠢᠨ ᠴᠡᠭ ᠵᠶ᠋ᠡᠷ ᠵᠥᠪᠰᠢᠶᠡᠷᠡᠭᠳᠡᠵᠦ᠂ ᠶᠡᠬᠡ ᠬᠢᠩᠭ᠋ᠠᠨ ᠳᠠᠪᠠᠭ᠋ᠠᠨ᠎ᠤ ᠭᠡᠷ ᠪᠠᠶ᠋ᠢᠰᠢᠩ᠎ᠤᠨ ᠮᠠᠰᠢᠨ ᠲᠡᠷᠭᠡᠨ᠎ᠤ ᠰᠠᠭᠤᠷᠢᠨ ᠭᠠᠵᠠᠷ᠎ᠨᠢ ᠤᠯᠤᠰ᠎ᠠᠴᠠ 4 C ᠲᠡᠰ᠎ᠤᠨ ᠬᠤᠪᠢ ᠵᠢᠨ ᠮᠠᠰᠢᠨ ᠲᠡᠷᠭᠡ᠎ᠪᠠᠷ ᠵᠤᠭ᠋ᠠᠴᠠᠨ ᠰᠠᠭᠤᠬᠤ ᠮᠠᠰᠢᠨ ᠲᠡᠷᠭᠡᠨ᠎ᠤ ᠰᠠᠭᠤᠷᠢᠨ ᠭᠠᠵᠠᠷ ᠪᠣᠯᠪᠠ᠃ ᠭᠡᠭᠡᠨ ᠭᠣᠣᠯ ᠬᠣᠲᠠ 《ᠪᠦᠬᠦ ᠤᠯᠤᠰ ᠪᠣᠯᠪᠠᠰᠤᠨ ᠵᠤᠭ᠋ᠠᠴᠠᠯ᠎ᠤᠨ ᠵᠠᠭᠤᠨ ᠬᠣᠲᠠ ᠵᠢᠨ ᠬᠣᠯᠪᠣᠭ᠎ᠠ》 ᠳᠤ ᠰᠣᠩᠭᠣᠭᠳᠠᠨ ᠣᠷᠣᠵᠤ᠂ 《ᠠᠮᠢ ᠠᠬᠤᠢ ᠵᠢᠨ ᠵᠤᠭ᠋ᠠᠴᠠᠯ᠎ᠤᠨ ᠲᠠᠲᠠᠬᠤ ᠬᠦᠴᠦᠨ᠎ᠲᠠᠢ ᠨᠡᠷᠡᠲᠦ ᠰᠢᠶᠠᠨ》 ᠵᠶ᠋ᠠᠷ ᠦᠨᠡᠯᠡᠭᠳᠡᠪᠡ᠃ 《ᠣᠯᠭᠣᠶᠠ ᠪᠤᠭᠤ ᠢ ᠪᠣᠯᠭ᠋ᠠᠬᠤ ᠦᠭᠡᠢ 》 ᠭᠡᠬᠦ ᠨᠣᠮ ᠳᠤᠮᠳᠠᠳᠤ ᠤᠯᠤᠰ᠎ᠤᠨ ᠵᠢᠭᠤᠯᠴᠢᠯᠠᠯ᠎ᠤᠨ ᠠᠵᠤ ᠦᠢ᠍ᠯᠡᠰ ᠦ᠋᠊ᠨ ᠨᠥᠯᠥᠭᠡᠯᠡᠬᠦ ᠬᠦᠴᠦᠨ᠎ᠤ ᠬᠡᠷᠡᠭ ᠦ᠋᠊ᠨ ᠵᠢᠱ᠌ᠢᠶ᠎ᠡ᠎ᠪᠠᠷ ᠦᠨᠡᠯᠡᠭᠳᠡᠵᠦ᠂ ᠬᠦᠢ᠍ᠲᠡᠨ ᠲᠤᠶ᠋ᠢᠯ᠎ᠤᠨ ᠮᠠᠷᠠᠽᠤᠨ᠂ ᠳᠤᠮᠳᠠᠳᠤ ᠤᠯᠤᠰ᠎ᠤᠨ ᠬᠦᠢ᠍ᠲᠡᠨ ᠲᠤᠶ᠋ᠢᠯ᠎ᠤᠨ ᠪᠠᠶᠠᠷ ᠵᠡᠷᠭᠡ ᠨᠡᠷᠡᠲᠦ ᠲᠡᠮᠳᠡᠭ ᠦ᠋᠊ᠨ ᠠᠵᠢᠯᠯᠠᠭ᠎ᠠ ᠠᠮᠵᠢᠯᠲᠠ᠎ᠲᠠᠢ ᠶᠠᠪᠤᠭᠳᠠᠵᠤ᠂ ᠣᠯᠠᠨ ᠲᠥᠪ ᠲᠧᠯᠸᠢᠰ ᠦ᠋᠊ᠨ ᠪᠠᠷᠢᠮᠲᠠᠲᠤ ᠺᠢᠨᠣ᠋ ᠭᠡᠭᠡᠨ ᠭᠣᠣᠯ᠎ᠳᠤ ᠰᠡᠭᠦᠳᠡᠷᠯᠡᠵᠦ᠂ ᠰᠣᠶᠣᠯ ᠵᠢᠭᠤᠯᠴᠢᠯᠠᠯ᠎ᠤᠨ ᠠᠵᠤ ᠦᠢ᠍ᠯᠡᠰ ᠵᠶ᠋ᠡᠷ ᠨᠢᠭᠡᠳᠦᠭᠡᠷ ᠬᠣᠶᠠᠳᠤᠭ᠋ᠠᠷ ᠭᠤᠷᠪᠠᠳᠤᠭ᠋ᠠᠷ ᠠᠵᠤ ᠦᠢ᠍ᠯᠡᠰ ᠦ᠋᠊ᠨ ᠠᠭᠤᠰᠤᠯᠴᠠᠨ ᠬᠥᠭᠵᠢᠬᠦ ᠵᠢ ᠠᠬᠢᠭᠤᠯᠬᠤ ᠰᠢᠨ᠎ᠡ ᠵᠠᠮ᠎ᠢ ᠨᠡᠭᠡᠭᠡᠵᠡᠢ᠃ ᠪᠦᠬᠦ ᠬᠣᠲᠠ ᠵᠤᠭ᠋ᠠᠴᠠᠭᠰᠠᠳ ᠨᠡᠶ᠋ᠢᠲᠡ 938 . 66 ᠲᠦᠮᠡᠨ ᠬᠥᠮᠦᠨ ᠂ ᠵᠤᠭ᠋ᠠᠴᠠᠯ᠎ᠤᠨ ᠣᠷᠣᠯᠭ᠎ᠠ 135 . 02 ᠳ᠋ᠦᠩᠰᠢᠭᠤᠷ ᠲᠥᠭᠥᠷᠢᠭ᠎ᠢ ᠪᠡᠶᠡᠯᠡᠭᠦᠯᠵᠦ᠂ ᠲᠣᠰᠪᠣᠷᠢ 《ᠠᠷᠪᠠᠨ ᠭᠤᠷᠪᠠᠳᠤᠭ᠋ᠠᠷ ᠲᠠᠪᠤᠨ ᠵᠢᠯ》 ᠤᠨ ᠬᠤᠭᠤᠴᠠᠭ᠋ᠠᠨ᠎ᠤ 1 . 83 ᠳᠠᠬᠢᠨ ᠪᠠ 1 . 97 ᠳᠠᠬᠢᠨ ᠪᠣᠯᠪᠠ᠃ ᠣᠨᠴᠠᠯᠢᠭᠲᠤ ᠠᠵᠤ ᠦᠢ᠍ᠯᠡᠰ ᠦ᠋᠊ᠨ ᠶᠠᠰᠤ ᠴᠢᠨᠠᠷ ᠳᠡᠭᠡᠭᠰᠢᠯᠡᠭᠦᠯᠦᠨ ᠦᠷ᠎ᠡ ᠠᠰᠢᠭ᠎ᠢ ᠃ ᠬᠠᠷ᠎ᠠ ᠳᠡᠯᠳᠡᠦ᠂ ᠪᠢᠯᠢᠭᠲᠦ ᠳᠡᠯᠳᠡᠦ᠂ ᠱᠤᠤ ᠶᠣᠣ ᠵᠡᠷᠭᠡ ᠣᠨᠴᠠᠯᠢᠭᠲᠤ ᠲᠠᠷᠢᠮᠠᠯ᠎ᠢ ᠦᠷᠭᠦᠯᠵᠢᠯᠡᠨ ᠂ 《ᠬᠢᠩᠭ᠋ᠠᠨ ᠨᠢᠭᠡᠳᠦᠭᠡᠷ》 ᠬᠥᠬᠡ ᠂ ᠬᠥᠬᠡ ᠵᠢᠮᠢᠰ ᠦ᠋᠊ᠨ ᠳᠠᠯᠠᠨ ᠬᠠᠯᠢᠰᠤ ᠵᠢ ᠳᠡᠯᠭᠡᠷᠡᠭᠦᠯᠬᠦ ᠵᠢᠱ᠌ᠢᠶ᠎ᠡ ᠦᠵᠡᠭᠦᠯᠬᠦ ᠲᠥᠷᠥᠯ ᠵᠦᠢ᠍ᠯ᠎ᠨᠢ ᠥᠪᠡᠷᠲᠡᠭᠡᠨ ᠵᠠᠰᠠᠬᠤ ᠣᠷᠣᠨ᠎ᠤ ᠰᠢᠯᠭ᠋ᠠᠨ ᠪᠠᠶ᠋ᠢᠴᠠᠭ᠋ᠠᠯᠲᠠ᠎ᠳᠤ ᠪᠠᠲᠤᠯᠠᠭᠳᠠᠵᠤ᠂ ᠯᠢᠨ ᠬᠠᠢ ᠶᠤᠸᠠᠨ ᠺᠣᠮᠫᠠᠨᠢ᠎ᠨᠢ 《ᠥᠪᠥᠷ ᠮᠣᠩᠭᠣᠯ》 ᠦᠰᠦᠭᠲᠦ ᠲᠡᠮᠳᠡᠭ ᠭᠡᠷᠡᠴᠢᠯᠡᠯ᠎ᠢ ᠣᠯᠵᠤ᠂ 《ᠳᠠᠩ》 ᠤᠨ ᠰᠢᠪᠲᠤᠯᠤᠯᠲᠠ ᠵᠢ ᠪᠡᠶᠡᠯᠡᠭᠦᠯᠪᠡ᠃ ᠤᠯᠤᠭᠤᠶᠠ ᠴᠠ ᠪᠤᠭᠤ ᠤᠯᠤᠰ᠎ᠤᠨ ᠭᠤᠤᠯᠳᠠᠯᠭ᠎ᠠ᠎ᠲᠠᠢ ᠨᠡᠶ᠋ᠢᠳᠡᠮ ᠪᠠᠶ᠋ᠢᠴᠠᠭ᠋ᠠᠬᠤ ᠡᠲᠡᠭᠡᠳ ᠪᠣᠯᠭ᠋ᠠᠵᠤ᠂ ᠴᠠ ᠪᠤᠭᠤ ᠵᠢᠨ ᠡᠭᠦᠯᠳᠡᠷ ᠬᠠᠮᠠᠭ᠋ᠠᠯᠠᠬᠤ ᠲᠠᠯᠠᠪᠠᠶ᠎ᠨᠢ ᠤᠯᠤᠰ᠎ᠤᠨ ᠮᠠᠯ ᠠᠵᠤ ᠠᠬᠤᠶ ᠵᠢᠨ ᠶᠡᠷᠦᠩᠬᠡᠶ ᠥᠷᠲᠡᠭᠡ ᠵᠢᠨ ᠰᠢᠯᠭ᠋ᠠᠨ ᠪᠠᠶ᠋ᠢᠴᠠᠭ᠋ᠠᠯᠲᠠ᠎ᠳᠤ ᠬᠢᠷᠢ ᠲᠡᠩᠴᠡᠪᠡ᠃ ᠤᠯᠠᠮᠵᠢᠯᠠᠯᠲᠤ ᠠᠵᠤ ᠦᠢ᠍ᠯᠡᠰ ᠰᠢᠨ᠎ᠡ ᠰᠢᠪᠲᠤᠯᠤᠯᠲᠠ᠎ᠲᠠᠢ ᠪᠣᠯᠪᠠ᠃ ᠨᠡᠶ᠋ᠢᠲᠡ 500 ᠲᠦᠮᠡᠨ ᠲᠥᠭᠥᠷᠢᠭ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠲᠥᠷᠥᠯ ᠵᠦᠢ᠍ᠯ᠎ᠢ 42 ᠬᠡᠷᠡᠭᠵᠢᠭᠦᠯᠵᠦ᠂ ᠰᠢᠨ᠎ᠡ ᠵᠢ ᠡᠭᠦᠳᠴᠦ ᠰᠢᠯᠢᠳᠡᠭ᠎ᠢ ᠡᠭᠦᠳᠬᠦ ᠲᠥᠷᠥᠯ ᠵᠦᠢ᠍ᠯ ᠦ᠋᠊ᠨ ᠪᠡᠯᠡ ᠣᠷᠣᠭᠤᠯᠤᠯᠲᠠ ᠵᠢ 6 . 4 ᠳ᠋ᠦᠩᠰᠢᠭᠤᠷ ᠲᠥᠭᠥᠷᠢᠭ ᠪᠡᠶᠡᠯᠡᠭᠦᠯᠵᠦ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠶᠡᠷᠦᠩᠬᠡᠢ ᠦᠢ᠍ᠯᠡᠳᠬᠦᠨ᠎ᠤ 29 . 23 ᠳ᠋ᠦᠩᠰᠢᠭᠤᠷ ᠲᠥᠭᠥᠷᠢᠭ ᠃ ᠮᠣᠳᠣᠨ᠎ᠤ ᠦᠢ᠍ᠯᠡᠰ᠎ᠨᠢ ᠥᠪᠡᠷᠲᠡᠭᠡᠨ ᠵᠠᠰᠠᠬᠤ ᠣᠷᠣᠨ᠎ᠳᠤ ᠤᠭᠰᠠᠷᠠᠮᠠᠯ ᠮᠠᠶᠢᠭ᠎ᠤᠨ ᠮᠣᠳᠣᠨ ᠪᠦᠲᠦᠴᠡᠲᠦ ᠪᠠᠷᠢᠯᠭ᠎ᠠ ᠵᠢᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ ᠵᠶ᠋ᠠᠷ ᠲᠣᠭᠲᠠᠭ᠋ᠠᠭᠳᠠᠵᠤ᠂ ᠭᠤᠸᠠᠩ ᠮᠢᠩ ᠢᠯᠴᠢ ᠴᠠᠬᠢᠯᠭ᠋ᠠᠨ᠎ᠤ ᠺᠣᠮᠫᠠᠨᠢ᠎ᠲᠠᠢ ᠬᠠᠮᠲᠤ᠎ᠪᠠᠷ ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠰᠢᠨ᠎ᠡ ᠵᠢ ᠡᠭᠦᠳᠬᠦ ᠮᠠᠶᠢᠭ᠎ᠤᠨ ᠳᠤᠮᠳᠠ ᠵᠢᠵᠢᠭ ᠠᠵᠤ ᠳᠤ ᠰᠣᠩᠭᠣᠭᠳᠠᠨ᠂ ᠤᠯᠠᠮᠵᠢᠯᠠᠯᠲᠤ ᠠᠵᠤ ᠦᠢ᠍ᠯᠡᠰ 《ᠪᠦᠳᠦᠭᠦᠯᠢᠭ ᠨᠡᠮᠡᠭᠳᠡᠯ》 ᠠᠴᠠ 《ᠨᠠᠷᠢᠯᠢᠭ ᠬᠥᠭᠵᠢᠯᠲᠡ》 ᠲᠡᠰᠢ ᠃ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ ᠲᠦᠷᠭᠡᠨ ᠬᠥᠭᠵᠢᠪᠡ᠃ 《ᠳᠤᠮᠳᠠᠳᠤ ᠤᠯᠤᠰ᠎ᠤᠨ ᠬᠦᠢ᠍ᠲᠡᠨᠲᠤᠶ᠋ᠢᠯ》 ᠤᠨ ᠬᠦᠢ᠍ᠲᠡᠨ ᠡᠬᠢ ᠪᠠᠶᠠᠯᠢᠭ᠎ᠤᠨ ᠮᠡᠷᠭᠡᠵᠢᠯ ᠦ᠋᠊ᠨ ᠰᠢᠨ᠎ᠡ ᠵᠢ ᠡᠭᠦᠳᠬᠦ ᠲᠥᠪ᠎ᠢ ᠪᠠᠶ᠋ᠢᠭᠤᠯᠵᠤ᠂ 《ᠬᠦᠢ᠍ᠲᠡᠨᠡᠬᠢ ᠪᠠᠶᠠᠯᠢᠭ》 ᠤᠨ ᠳᠠᠪᠠᠭᠤᠯᠢᠭ᠎ᠢ ᠪᠦᠬᠦ ᠬᠦᠴᠦᠨ ᠵᠶ᠋ᠡᠷ ᠵᠶ᠋ᠡᠨ ᠠᠭᠤᠳᠠᠯᠤᠨ᠎ᠠ᠃ ᠨᠡᠶ᠋ᠢᠲᠡ 1 . 08 ᠳ᠋ᠦᠩᠰᠢᠭᠤᠷ ᠲᠥᠭᠥᠷᠢᠭ ᠪᠠᠯᠠ ᠣᠷᠣᠭᠤᠯᠵᠤ᠂ ᠣᠯᠭᠣᠶᠠ ᠨᠢᠰᠬᠡᠯ ᠦ᠋᠊ᠨ ᠪᠠᠭᠤᠳᠠᠯ᠎ᠤᠨ ᠬᠥᠮᠥᠷᠭᠡ ᠵᠢ ᠥᠷᠭᠡᠳᠬᠡᠨ ᠪᠠᠶ᠋ᠢᠭᠤᠯᠬᠤ᠂ ᠰᠢᠨ᠎ᠡ ᠨᠢᠭᠡ ᠦᠶ᠎ᠡ ᠵᠢᠨ ᠴᠠᠭ ᠠᠭᠤᠷ᠎ᠤᠨ ᠷᠠᠳᠠᠷ᠂ ᠨᠢᠰᠦᠭᠦᠷ ᠦ᠋᠊ᠨ ᠲᠤᠶ᠋ᠢᠯ᠎ᠤᠨ ᠬᠦᠢ᠍ᠲᠡᠨ᠎ᠢ ᠬᠡᠮᠵᠢᠨ ᠲᠤᠷᠰᠢᠬᠤ ᠰᠠᠭᠤᠷᠢᠨ ᠭᠠᠵᠠᠷ᠎ᠢ ᠥᠷᠭᠡᠳᠬᠡᠨ ᠪᠠᠶ᠋ᠢᠭᠤᠯᠬᠤ ᠵᠡᠷᠭᠡ ᠲᠥᠷᠥᠯ ᠵᠦᠢ᠍ᠯ᠎ᠢ ᠪᠡᠶᠡᠯᠡᠭᠦᠯᠵᠦ᠂ ᠬᠡᠮᠵᠢᠨ ᠲᠤᠷᠰᠢᠬᠤ ᠠᠵᠤ ᠦᠢ᠍ᠯᠡᠰ ᠦ᠋᠊ᠨ ᠬᠥᠭᠵᠢᠯᠲᠡ᠎ᠳᠤ ᠴᠢᠨᠠᠷ ᠰᠠᠶ᠋ᠢᠲᠠᠶ ᠦᠢ᠍ᠯᠡᠴᠢᠯᠡᠭᠡ ᠬᠠᠩᠭ᠋ᠠᠪᠠ᠃ ᠳᠤᠮᠳᠠᠳᠤ ᠤᠯᠤᠰ᠎ᠤᠨ ᠠᠭ᠋ᠠᠷ᠎ᠤᠨ ᠠᠶᠠᠯᠠᠯ᠎ᠤᠨ ᠠᠵᠤ ᠦᠢ᠍ᠯᠡᠳᠪᠦᠷᠢ ᠵᠢᠨ ᠪᠦᠯᠦᠭᠯᠡᠯ ᠦ᠋᠊ᠨ ᠣᠯᠠᠨ ᠵᠦᠢ᠍ᠯ ᠦ᠋᠊ᠨ ᠵᠡᠪᠰᠡᠭᠲᠦ ᠨᠢᠰᠬᠡᠯ ᠪᠠ ᠵᠢᠯᠣᠭᠣᠴᠢ ᠥᠬᠡᠶ ᠡᠭᠴᠡ ᠨᠢᠰᠬᠡᠯ ᠬᠦᠢ᠍ᠲᠡᠨ᠎ᠳᠤ ᠲᠡᠰᠪᠦᠷᠢᠲᠡᠶ ᠲᠤᠷᠰᠢᠯᠲᠠ᠂ ᠳᠤᠮᠳᠠᠳᠤ ᠤᠯᠤᠰ᠎ᠤᠨ ᠣᠩᠭᠣᠴᠠ ᠰᠠᠯ᠎ᠤᠨ ᠪᠦᠯᠦᠭᠯᠡᠯ ᠦ᠋᠊ᠨ ᠣᠩᠭᠣᠴᠠᠨ ᠱᠠᠯᠠ ᠵᠢᠨ ᠮᠧᠬᠠᠨᠢᠭ᠎ᠤᠨ ᠲᠤᠶ᠋ᠢᠯ᠎ᠤᠨ ᠳᠤᠤᠷ᠎ᠠ ᠳᠤᠯᠠᠭ᠋ᠠᠨ᠎ᠤ ᠣᠷᠴᠢᠨ ᠨᠥᠬᠥᠴᠡᠯ ᠦ᠋᠊ᠨ ᠭᠠᠳᠠᠷ ᠲᠠᠯᠠᠪᠤᠷ᠎ᠤᠨ ᠲᠤᠷᠰᠢᠯᠲᠠ ᠵᠢ ᠲᠡᠭᠦᠰ ᠠᠮᠵᠢᠯᠲᠠ᠎ᠲᠠᠢ ᠪᠡᠶᠡᠯᠡᠭᠦᠯᠵᠦ᠂ ᠤᠯᠤᠰ᠎ᠤᠨ ᠬᠣᠯᠪᠣᠭᠳᠠᠯ ᠪᠥᠬᠥᠶ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠬᠢᠴᠠ᠎ᠳᠤ ᠠᠬᠢᠭᠤᠯᠬᠤ ᠦᠢ᠍ᠯᠡᠳᠦᠯ ᠦᠵᠡᠭᠦᠯᠪᠡ᠃ ᠪᠥᠬᠥ ᠪᠥᠮᠪᠥᠷᠴᠡᠭ ᠦ᠋᠊ᠨ ᠠᠩᠬᠠᠳᠠᠭᠴᠢ ᠤᠰᠤᠲᠥ᠋ᠷᠥᠭᠴᠢ ᠬᠥᠳᠡᠯᠭᠡᠬᠦ ᠬᠦᠴᠦᠨ᠎ᠤ ᠣᠯᠠᠨ ᠡᠷᠭᠢᠯᠳᠦᠭᠡ ᠳᠠᠯᠠᠪᠴᠢᠲᠤ ᠵᠢᠯᠣᠭᠣᠴᠢ ᠥᠬᠡᠶ ᠨᠢᠰᠬᠡᠯ᠂ ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠬᠡᠯᠪᠡᠷᠢ ᠵᠢᠨ ᠳ᠋ᠢᠶᠠᠨ ᡂᠢ ᠵᠡᠷᠭᠡ ᠲᠥᠷᠥᠯ ᠵᠦᠢ᠍ᠯ᠎ᠢ ᠥᠷᠨᠢᠭᠦᠯᠵᠦ᠂ ᠵᠢᠱ᠌ᠢᠯᠲᠡ᠎ᠳᠤ ᠬᠥᠷᠪᠡ᠃ ᠠᠵᠤ ᠦᠢ᠍ᠯᠡᠳᠪᠦᠷᠢ ᠵᠢᠨ ᠦᠢ᠍ᠯᠡᠳᠬᠦᠨ᠎ᠤ ᠬᠦᠢ᠍ᠲᠡᠨ᠎ᠳᠤ ᠳᠠᠭ᠋ᠠᠭ᠋ᠠᠮᠠᠭ᠋ᠠᠶ ᠴᠢᠨᠠᠷ᠎ᠤᠨ ᠰᠢᠯᠭ᠋ᠠᠯᠲᠠ ᠵᠢᠨ ᠠᠵᠤ ᠦᠢ᠍ᠯᠡᠰ ᠥᠬᠡᠶ ᠪᠠᠶ᠋ᠢᠭᠰᠠᠨ᠎ᠠᠴᠠ᠎ᠪᠠᠨ ᠪᠠᠶ᠋ᠢᠬᠤ ᠪᠣᠯᠵᠣ᠂ ᠡᠪᠦᠯ ᠦ᠋᠊ᠨ ᠤᠯᠠᠷᠢᠯ᠎ᠠᠴᠠ ᠪᠥᠬᠥ ᠤᠯᠠᠷᠢᠯ ᠰᠢᠪᠲᠤᠯᠤᠯᠲᠠ ᠵᠢ ᠪᠡᠶᠡᠯᠡᠭᠦᠯᠪᠡ᠃
ᠲᠠᠪᠤᠨ ᠵᠢᠯ ᠦ᠋᠊ᠨ ᠲᠤᠷᠰᠢ᠂ ᠪᠢᠳᠠ ᠠᠮᠢ ᠠᠬᠤᠢ ᠵᠢ ᠤᠷᠢᠳ ᠵᠶ᠋ᠠᠷ ᠪᠣᠳᠣᠯᠬᠢᠯᠠᠬᠤ᠂ ᠰᠢᠰᠲ᠋ᠧᠮ᠎ᠲᠠᠢ ᠬᠠᠮᠠᠭ᠋ᠠᠯᠠᠬᠤ ᠵᠢ ᠪᠦᠬᠦ ᠲᠠᠯ᠎ᠠ᠎ᠪᠠᠷ ᠴᠢᠩᠭ᠋ᠠᠳᠬᠠᠬᠤ ᠵᠢ ᠪᠠᠷᠢᠮᠲᠠᠯᠠᠪᠠ᠃ ᠤᠯᠤᠰ᠎ᠤᠨ 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠲᠠ ᠮᠥᠩᠭᠥᠨ ᠠᠭᠤᠯᠠ》 ᠭᠡᠬᠦ ᠦᠢ᠍ᠯᠡᠳᠦᠯᠭᠡ ᠵᠢᠨ ᠰᠢᠨ᠎ᠡ ᠵᠢ ᠡᠭᠦᠳᠬᠦ ᠠᠮᠵᠢᠯᠲᠠ᠎ᠲᠠᠢ ᠡᠭᠦᠳᠦᠨ ᠪᠠᠶ᠋ᠢᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》 ᠤᠨ ᠬᠤᠭᠤᠴᠠᠭ᠋ᠠᠨ᠎ᠤ ᠰᠢᠶᠠᠨ᠎ᠤ ᠬᠡᠪᠴᠢᠶᠡᠨ᠎ᠤ ᠠᠮᠢ ᠠᠬᠤᠶ ᠣᠷᠴᠢᠨ ᠲᠣᠭᠣᠷᠢᠨ᠎ᠤ ᠶᠠᠰᠤ ᠴᠢᠨᠠᠷ᠎ᠢ ᠰᠢᠯᠭ᠋ᠠᠨ ᠬᠢᠨᠠᠬᠤ ᠠᠵᠢᠯ᠎ᠢ ᠲᠡᠭᠦᠰ ᠠᠮᠵᠢᠯᠲᠠ᠎ᠲᠠᠢ ᠪᠡᠶᠡᠯᠡᠭᠦᠯᠵᠦ᠂ ᠰᠢᠯᠵᠢᠭᠦᠯᠦᠨ ᠥᠭᠬᠦ ᠪᠠᠯᠠ ᠮᠥᠩᠭᠥ ᠵᠢ ᠨᠡᠶ᠋ᠢᠲᠡ 7 . 88 ᠳ᠋ᠦᠩᠰᠢᠭᠤᠷ ᠲᠥᠭᠥᠷᠢᠭ ᠤᠯᠪᠠ᠃ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠰᠢᠰᠲ᠋ᠧᠮ᠎ᠲᠠᠢ ᠵᠠᠰᠠᠬᠤ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠣᠬᠢᠷᠲᠤᠯ ᠦᠭᠡᠢ ᠠᠭᠤᠷᠬᠠᠢ ᠵᠢ 3 ᠪᠣᠶ᠋ᠢᠵᠢᠭᠤᠯᠤᠨ ᠪᠠᠶ᠋ᠢᠭᠤᠯᠵᠤ᠂ 29 . 62 ᠲᠦᠮᠡᠨ ᠰᠠᠭᠤᠷᠢ ᠠᠯᠪᠠᠨ ᠵᠢᠷᠤᠮ᠎ᠤᠨ ᠮᠣᠳᠣ ᠲᠠᠷᠢᠵᠤ᠂ ᠭᠣᠣᠯᠳᠠᠯᠭ᠎ᠠ᠎ᠲᠠᠢ ᠣᠷᠣᠨ ᠪᠦᠰᠡ ᠵᠢᠨ 1034 . 1 ᠾᠧᠺᠲ᠋ᠠᠷ ᠨᠣᠭᠣᠭ᠋ᠠᠷᠠᠭᠤᠯᠤᠯᠲᠠ ᠬᠢᠵᠦ᠂ ᠭᠡᠭᠡᠨ ᠭᠣᠣᠯ᠂ ᠵᠢᠢ ᠯᠢᠦ ᠭᠣᠣᠯ᠎ᠤᠨ ᠭᠣᠣᠯ ᠤᠷᠤᠰᠬᠠᠯ᠎ᠤᠨ ᠵᠠᠰᠠᠯᠲᠠ ᠵᠡᠷᠭᠡ ᠭᠣᠣᠯᠳᠠᠯᠭ᠎ᠠ᠎ᠲᠠᠢ ᠢᠨᠵᠧᠨᠧᠷᠢᠩ᠎ᠢ ᠪᠡᠶᠡᠯᠡᠭᠦᠯᠵᠦ᠂ ᠠᠮᠢ ᠠᠬᠤᠢ ᠵᠢᠨ ᠵᠠᠰᠠᠯᠲᠠ ᠵᠢᠨ ᠰᠢᠰᠲ᠋ᠧᠮ ᠪᠣᠯᠤᠨ ᠵᠠᠰᠠᠯᠲᠠ ᠵᠢᠨ ᠴᠢᠳᠠᠪᠤᠷᠢ ᠲᠣᠭᠲᠠᠭᠤᠨ ᠵᠶ᠋ᠠᠷ ᠳᠡᠭᠡᠭᠰᠢᠯᠡᠪᠡ᠃ ᠣᠯᠭᠣᠶᠠ ᠡᠸᠡᠩᠬᠢ ᠦᠨᠳᠦᠰᠦᠲᠡᠨ᠎ᠤ ᠰᠢᠶᠠᠩ 《ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠰᠢᠶᠠᠩ ᠪᠠᠯᠭ᠋ᠠᠰᠤ》 ᠵᠢᠨ ᠢᠷᠠᠭᠤ ᠠᠯᠳᠠᠷ᠎ᠢ ᠭᠥᠷᠳᠡᠵᠦ᠂ ᠬᠠᠨᠮᠠ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ 《ᠳᠡᠯᠡᠬᠡᠶ ᠵᠢᠨ ᠬᠠᠮᠤᠭ᠎ᠤᠨ ᠰᠠᠶ᠋ᠢᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ》 ᠤ ᠢᠷᠠᠭᠤ ᠠᠯᠳᠠᠷ᠎ᠢ ᠭᠥᠷᠳᠡᠵᠦ᠂ ᠭᠡᠭᠡᠨ ᠭᠤᠤᠯ ᠬᠣᠲᠠ ᠣᠯᠠᠨ ᠤᠯᠤᠰ᠎ᠤᠨ ᠬᠣᠯᠪᠣᠭ᠋ᠠᠲᠤ ᠪᠠᠶ᠋ᠢᠭᠤᠯᠭ᠎ᠠ ᠵᠢᠨ 《ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠤᠨ ᠨᠡᠶ᠋ᠢᠲᠡ ᠵᠢᠨ ᠭᠡᠷ᠎ᠡ》 ᠵᠢᠨ ᠠᠷᠪᠠᠨ ᠵᠢᠷᠭᠤᠳᠤᠭ᠋ᠠᠷ ᠤᠳᠠᠭ᠋ᠠᠨ᠎ᠤ ᠭᠡᠷᠡᠲᠦ ᠲᠠᠯ᠎ᠠ ᠵᠢᠨ ᠶᠡᠬᠡ ᠬᠤᠷᠠᠯ᠎ᠤᠨ 《ᠪᠠᠶ᠋ᠢᠭ᠋ᠠᠯᠢ ᠵᠢᠨ ᠬᠣᠲᠠ》 ᠵᠢᠨ ᠲᠠᠪᠴᠠᠩ᠎ᠳᠤ ᠰᠣᠩᠭᠣᠭᠳᠠᠨ᠂ ᠬᠥᠯᠥᠨ ᠪᠣᠶ᠋ᠢᠷ ᠬᠣᠲᠠ ᠵᠢᠨ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠥᠯᠢᠭᠡᠷ ᠳᠠᠭᠤᠷᠢᠶᠠᠯ ᠃
ᠲᠠᠪᠤᠨ ᠵᠢᠯ ᠦ᠋᠊ᠨ ᠲᠤᠷᠰᠢ᠂ ᠪᠢᠳᠠ ᠥᠭᠡᠷᠡᠴᠢᠯᠡᠯᠲᠡ ᠨᠡᠭᠡᠭᠡᠯᠲᠡ ᠵᠢ ᠪᠠᠷᠢᠮᠲᠠᠯᠠᠵᠤ᠂ ᠬᠥᠭᠵᠢᠯᠲᠡ ᠵᠢᠨ ᠠᠮᠢᠵᠢᠷᠠᠯ᠎ᠤᠨ ᠬᠦᠴᠦᠨ ᠲᠦᠷᠭᠡᠨ ᠪᠠᠳᠠᠷᠠᠪᠠ᠃ ᠡᠯ᠎ᠡ ᠲᠥᠷᠥᠯ ᠦ᠋᠊ᠨ ᠭᠠᠶ᠋ᠢᠯᠢ ᠰᠦᠢ᠍ᠳᠬᠡᠯ᠎ᠢ ᠨᠡᠶ᠋ᠢᠲᠡ 6 . 14 ᠳ᠋ᠦᠩᠰᠢᠭᠤᠷ ᠲᠥᠭᠥᠷᠢᠭ ᠬᠡᠯᠲᠦᠷᠢᠭᠦᠯᠵᠦ᠂ 3304 ᠲᠦᠮᠡᠨ ᠲᠥᠭᠥᠷᠢᠭ ᠦ᠋᠊ᠨ ᠭᠠᠶ᠋ᠢᠯᠢ ᠵᠢ ᠦᠯᠡᠳᠡᠭᠡᠨ ᠲᠤᠯᠭ᠋ᠠᠨ ᠪᠤᠴᠠᠭ᠋ᠠᠪᠠ᠃ ᠡᠯ᠎ᠡ ᠬᠦᠷᠢᠶᠡᠨ᠎ᠤ ᠥᠭᠡᠷᠡᠴᠢᠯᠡᠯᠲᠡ ᠵᠢᠨ ᠡᠭᠦᠷᠭᠡ ᠵᠢ 217 ᠵᠦᠢ᠍ᠯ ᠃ ᠬᠣᠲᠠ ᠵᠢᠨ ᠨᠠᠮ᠎ᠤᠨ ᠬᠣᠷᠢᠶᠠᠨ᠎ᠤ ᠨᠡᠢ᠍ᠭᠡᠮ ᠦ᠋᠊ᠨ ᠠᠵᠢᠯ᠎ᠤᠨ ᠬᠡᠯᠲᠡᠰ᠂ ᠬᠣᠲᠠ ᠵᠢᠨ ᠵᠠᠰᠠᠭ ᠶᠠᠪᠤᠳᠠᠯ᠎ᠤᠨ ᠦᠢ᠍ᠯᠡᠴᠢᠯᠡᠭᠡ ᠪᠠ ᠲᠣᠭ᠎ᠠ ᠪᠠᠷᠢᠮᠲᠠ ᠵᠢᠨ ᠬᠠᠮᠢᠶᠠᠷᠤᠯᠲᠠ ᠵᠢᠨ ᠲᠣᠪᠴᠢᠶ᠎ᠠ ᠵᠢ ᠪᠠᠶ᠋ᠢᠭᠤᠯᠵᠤ᠂ ᠪᠡᠯᠡ ᠣᠷᠣᠭᠤᠯᠤᠯᠲᠠ ᠵᠢ ᠠᠬᠢᠭᠤᠯᠬᠤ ᠲᠥᠪ᠂ ᠬᠥᠭᠵᠢᠯᠲᠡ ᠵᠢᠨ ᠰᠤᠳᠤᠯᠭ᠋ᠠᠨ᠎ᠤ ᠲᠥᠪ ᠵᠡᠷᠭᠡ ᠰᠠᠯᠠᠭ᠎ᠠ ᠮᠥᠴᠢᠷ᠎ᠢ ᠪᠠᠶ᠋ᠢᠭᠤᠯᠵᠤ᠂ ᠪᠠᠢ᠍ᠭᠤᠯᠤᠮᠵᠢ ᠵᠢᠨ ᠥᠭᠡᠷᠡᠴᠢᠯᠡᠯᠲᠡ ᠵᠢᠨ ᠦᠷ᠎ᠡ ᠪᠦᠲᠦᠮᠵᠢ ᠠᠭ᠋ᠠᠵᠢᠮ ᠵᠶ᠋ᠠᠷ ᠢᠯᠡᠷᠬᠡᠢ ᠪᠣᠯᠪᠠ᠃ 《ᠨᠢᠭᠡ ᠤᠴᠢᠷ᠎ᠢ ᠥᠨᠳᠥᠷ ᠪᠦᠲᠦᠮᠵᠢᠲᠡᠶ᠎ᠪᠠᠷ ᠭᠦᠢ᠍ᠴᠡᠳᠬᠡᠬᠦ》 《ᠨᠢᠭᠡ ᠰᠦᠯᠵᠢᠶ᠎ᠡ᠎ᠪᠠᠷ ᠨᠡᠶ᠋ᠢᠳᠡᠮ ᠭᠦᠢ᠍ᠴᠡᠳᠬᠡᠬᠦ》 《ᠬᠠᠪᠰᠤᠷᠤᠨ ᠭᠦᠢ᠍ᠴᠡᠳᠬᠡᠵᠦ ᠣᠷᠣᠯᠠᠨ ᠭᠦᠢ᠍ᠴᠡᠳᠬᠡᠬᠦ》 ᠵᠢ ᠰᠦᠯᠵᠢᠶᠡᠨ᠎ᠳᠤ ᠣᠷᠣᠭᠤᠯᠤᠨ ᠠᠵᠢᠯᠯᠠᠭᠤᠯᠵᠤ᠂ ᠭᠤᠶᠤᠴᠢᠯᠠᠯ᠎ᠤᠨ ᠮᠠᠲ᠋ᠧᠷᠢᠶᠠᠯ᠎ᠢ ᠨᠡᠶ᠋ᠢᠲᠡ 30 % ᠠᠴᠠ ᠳᠡᠭᠡᠭᠰᠢ ᠴᠣᠮᠬᠠᠳᠬᠠᠵᠤ᠂ ᠭᠦᠢ᠍ᠴᠡᠳᠬᠡᠬᠦ ᠴᠠᠭ᠎ᠤᠨ ᠬᠢᠵᠠᠭ᠋ᠠᠷ᠎ᠢ 60 % ᠠᠴᠠ ᠳᠡᠭᠡᠭᠰᠢ ᠪᠣᠭᠣᠨᠢᠰᠬᠠᠨ᠂ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ ᠦ᠋᠊ᠨ ᠭᠦᠢ᠍ᠴᠡᠳᠬᠡᠯ ᠲᠣᠭ᠎ᠠ ᠵᠢᠨ ᠡᠭᠦᠷᠭᠡ ᠵᠢᠨ ᠪᠥᠬᠥ ᠶᠠᠪᠤᠴᠠ᠎ᠳᠤ ᠬᠢᠨᠠᠯᠲᠠ ᠬᠠᠮᠢᠶᠠᠷᠤᠯᠲᠠ ᠬᠢᠬᠦ ᠵᠢ ᠪᠡᠶᠡᠯᠡᠭᠦᠯᠵᠦ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠬᠦᠴᠦᠨ ᠴᠢᠳᠠᠪᠤᠷᠢ ᠵᠢ ᠢᠯᠡᠳᠲᠡ ᠳᠡᠭᠡᠭᠰᠢᠯᠡᠭᠦᠯᠪᠡ᠃
ᠲᠠᠪᠤᠨ ᠵᠢᠯ ᠦ᠋᠊ᠨ ᠲᠤᠷᠰᠢ᠂ ᠪᠢᠳᠡ ᠦᠨᠳᠦᠰᠦ᠎ᠪᠠᠨ ᠪᠡᠬᠢᠵᠢᠭᠦᠯᠦᠨ ᠰᠠᠭᠤᠷᠢ᠎ᠪᠠᠨ ᠴᠢᠩᠭ᠋ᠠᠳᠬᠠᠬᠤ ᠵᠢ ᠪᠠᠷᠢᠮᠲᠠᠯᠠᠵᠤ᠂ ᠰᠠᠭᠤᠷᠢ ᠲᠥᠬᠥᠭᠡᠷᠦᠮᠵᠢ ᠡᠳᠦᠷ ᠢᠷᠡᠬᠦᠶ᠎ᠡ ᠲᠡᠭᠦᠯᠳᠡᠷᠵᠢᠪᠡ᠃ ᠨᠡᠶ᠋ᠢᠲᠡ 2 . 38 ᠳ᠋ᠦᠩᠰᠢᠭᠤᠷ ᠲᠥᠭᠥᠷᠢᠭ ᠪᠡᠯᠡ ᠣᠷᠣᠭᠤᠯᠵᠤ᠂ ᠬᠣᠲᠠ ᠵᠢᠨ ᠶᠠᠪᠤᠳᠠᠯ᠎ᠤᠨ ᠰᠠᠭᠤᠷᠢ ᠪᠡᠯᠡᠳᠬᠡᠮᠵᠢ ᠵᠢᠨ ᠲᠥᠷᠥᠯ ᠵᠦᠢ᠍ᠯ ᠦ᠋᠊ᠨ ᠪᠦᠲᠦᠭᠡᠨ ᠪᠠᠶ᠋ᠢᠭᠤᠯᠤᠯᠲᠠ ᠵᠢ ᠬᠦᠴᠦᠲᠡᠢ ᠪᠠᠲᠤᠯᠠᠪᠠ᠃ 37 ᠬᠠᠭᠤᠴᠢᠨ ᠰᠠᠭᠤᠭ᠋ᠠᠯᠢ ᠲᠣᠭᠣᠷᠢᠭ᠎ᠢ ᠥᠭᠡᠷᠡᠴᠢᠯᠡᠨ ᠪᠠᠶ᠋ᠢᠭᠤᠯᠵᠤ᠂ 3343 ᠰᠠᠭᠤᠭ᠋ᠠᠯᠢ ᠠᠷᠠᠳ᠎ᠲᠤ ᠠᠰᠢᠭ ᠬᠦᠷᠲᠡᠭᠡᠪᠡ᠃ ᠰᠢᠭᠤᠶ᠋ᠢᠲᠤ ᠣᠷᠣᠨ᠎ᠤ ᠵᠠᠰᠠᠮᠠᠯ ᠵᠠᠮ 285 . 5 ᠺᠢᠯᠣᠮᠧᠲᠷ ᠰᠢᠨ᠎ᠡ᠎ᠪᠠᠷ ᠳᠡᠪᠢᠰᠦᠨ ᠥᠭᠡᠷᠡᠴᠢᠯᠡᠵᠦ᠂ ᠵᠠᠰᠠᠮᠠᠯ ᠵᠠᠮ ᠪᠦᠬᠦ ᠱᠤᠭᠤᠮ ᠵᠶ᠋ᠠᠷ ᠨᠡᠪᠲᠡᠷᠡᠭᠦᠯᠦᠨ᠂ ᠣᠯᠠᠨ ᠲᠦᠮᠡᠨ᠎ᠤ ᠶᠠᠪᠤᠵᠤ ᠰᠠᠭᠤᠬᠤ ᠨᠥᠬᠥᠴᠡᠯ᠎ᠢ ᠶᠡᠬᠡᠪᠡᠷ ᠰᠠᠶ᠋ᠢᠵᠢᠷᠠᠭᠤᠯᠪᠠ᠃ ᠰᠢᠶᠠᠩ ᠪᠠᠯᠭ᠋ᠠᠰᠤᠨ᠎ᠤ ᠠᠮᠢᠳᠤᠷᠠᠯ᠎ᠤᠨ ᠬᠣᠭ ᠨᠣᠪᠰᠢ ᠪᠠ ᠪᠣᠬᠢᠷ ᠤᠰᠤ ᠰᠢᠢ᠍ᠳᠪᠦᠷᠢᠯᠡᠬᠦ ᠦᠢ᠍ᠯᠡᠳᠪᠦᠷᠢ᠂ ᠤᠰᠤ ᠬᠠᠩᠭ᠋ᠠᠬᠤ ᠢᠯᠴᠢ ᠬᠠᠩᠭ᠋ᠠᠬᠤ ᠬᠣᠭᠣᠯᠠᠢ ᠵᠢᠨ ᠲᠣᠣᠷ᠎ᠢ ᠥᠭᠡᠷᠡᠴᠢᠯᠡᠬᠦ ᠵᠡᠷᠭᠡ ᠢᠨᠵᠧᠨᠧᠷᠢᠩ᠎ᠢ ᠪᠠᠶ᠋ᠢᠭᠤᠯᠤᠨ ᠳᠠᠭᠤᠰᠬᠠᠵᠤ ᠠᠰᠢᠭᠯᠠᠯᠲᠠ᠎ᠳᠤ ᠣᠷᠣᠭᠤᠯᠤᠨ᠂ ᠬᠤᠲᠠ ᠵᠢᠨ ᠶᠡᠷᠦᠩᠬᠡᠶ᠋ᠢᠯᠡᠭᠰᠡᠨ ᠳᠠᠭ᠋ᠠᠭ᠋ᠠᠴᠠ ᠵᠢᠨ ᠴᠢᠳᠠᠮᠵᠢ ᠵᠢ ᠦᠷᠭᠦᠯᠵᠢᠯᠡᠨ ᠳᠡᠭᠡᠭᠰᠢᠯᠡᠭᠦᠯᠪᠡ᠃
ᠲᠠᠪᠤᠨ ᠵᠢᠯ ᠦ᠋᠊ᠨ ᠲᠤᠷᠰᠢ᠂ ᠪᠢᠳᠠ ᠠᠷᠠᠳ᠎ᠤᠨ ᠠᠮᠢᠳᠤᠷᠠᠯ ᠵᠶ᠋ᠠᠷ ᠦᠨᠳᠦᠰᠦ ᠪᠣᠯᠭ᠋ᠠᠬᠤ ᠵᠢ ᠪᠠᠷᠢᠮᠲᠠᠯᠠᠵᠤ᠂ ᠨᠡᠶ᠋ᠢᠭᠡᠮ ᠦ᠋᠊ᠨ ᠦᠢ᠍ᠯᠡᠰ ᠪᠦᠬᠦ ᠲᠠᠯ᠎ᠠ᠎ᠪᠠᠷ ᠳᠠᠪᠰᠢᠪᠠ᠃ ᠠᠷᠠᠳ᠎ᠤᠨ ᠠᠮᠢᠳᠤᠷᠠᠯ᠎ᠤᠨ ᠬᠦᠷᠢᠶᠡᠨ᠎ᠳᠠᠬᠢ ᠵᠠᠷᠤᠯᠭ᠎ᠠ ᠨᠡᠶ᠋ᠢᠲᠡ 53 . 46 ᠳ᠋ᠦᠩᠰᠢᠭᠤᠷ ᠲᠥᠭᠥᠷᠢᠭ᠎ᠲᠤ ᠬᠦᠷᠴᠦ᠂ ᠡᠩ ᠦ᠋᠊ᠨ ᠣᠯᠠᠨ ᠨᠡᠶ᠋ᠢᠲᠡ ᠵᠢᠨ ᠲᠥᠰᠦᠪ ᠦ᠋᠊ᠨ ᠵᠠᠷᠤᠯᠭ᠎ᠠ ᠵᠢᠨ 65 . 92 % ᠢ ᠡᠵᠡᠯᠡᠪᠡ᠃ ᠨᠡᠶ᠋ᠢᠲᠡ 7018 ᠬᠥᠮᠦᠨ᠎ᠳᠤ ᠰᠢᠨ᠎ᠡ᠎ᠪᠠᠷ ᠠᠵᠢᠯ ᠣᠯᠭᠣᠪᠠ᠃ ᠬᠣᠲᠠ ᠪᠠᠯᠭ᠋ᠠᠰᠤᠨ᠎ᠤ ᠰᠠᠭᠤᠭ᠋ᠠᠯᠢ ᠠᠷᠠᠳ᠎ᠤᠨ ᠠᠮᠢᠳᠤᠷᠠᠯ᠎ᠤᠨ ᠨᠠᠭ᠋ᠠᠳᠤ ᠵᠠᠬ᠎ᠠ ᠵᠢᠨ ᠪᠠᠲᠤᠯᠠᠭ᠎ᠠ ᠵᠢᠨ ᠪᠠᠷᠢᠮᠵᠢᠶ᠎ᠠ ᠵᠢ ᠰᠠᠷ᠎ᠠ ᠪᠦᠷᠢ 808 ᠲᠥᠭᠥᠷᠢᠭ ᠪᠣᠯᠭ᠋ᠠᠨ ᠳᠡᠭᠡᠭᠰᠢᠯᠡᠭᠦᠯᠵᠦ᠂ ᠬᠥᠮᠦᠨ ᠪᠦᠷᠢ ᠵᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠵᠢ ᠵᠢᠯ ᠪᠦᠷᠢ ᠳᠤᠮᠳᠠᠴᠢ᠎ᠪᠠᠷ 3 . 7 % ᠠᠴᠠ ᠳᠡᠭᠡᠭᠰᠢ᠎ᠪᠠᠷ ᠨᠡᠮᠡᠭᠳᠡᠭᠦᠯᠦᠨ᠎ᠡ᠃ ᠡᠷᠡᠭᠦᠯ ᠡᠩᠬᠡ ᠭᠡᠭᠡᠨ ᠭᠤᠤᠯ᠎ᠤᠨ ᠪᠥᠲᠥᠭᠡᠨ ᠪᠠᠶ᠋ᠢᠭᠤᠯᠤᠯᠲᠠ ᠵᠢ ᠯᠠᠪᠳᠠᠭᠤᠨ ᠪᠠᠲᠤᠲᠠᠶ ᠠᠬᠢᠭᠤᠯᠵᠤ᠂ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠣᠷᠢᠶ᠎ᠠ ᠵᠢᠨ ᠡᠮᠴᠢᠯᠡᠭᠡᠨ᠎ᠤ ᠵᠠᠷᠤᠳᠠᠯ᠎ᠤᠨ ᠡᠮ ᠦ᠋᠊ᠨ ᠡᠵᠡᠯᠡᠬᠦ ᠬᠠᠷᠢᠴᠠᠯ᠎ᠢ 8 . 8 % ᠪᠠᠷ ᠪᠠᠭᠤᠷᠠᠭᠤᠯᠵᠤ᠂ ᠣᠯᠠᠨ ᠲᠦᠮᠡᠨ᠎ᠤ ᠡᠮ ᠡᠮᠨᠡᠯᠭᠡ ᠵᠢᠨ ᠳᠠᠷᠤᠭ᠋ᠠᠰᠤ ᠵᠢ ᠦᠷᠭᠦᠯᠵᠢᠯᠡᠨ ᠬᠥᠩᠭᠡᠷᠡᠭᠦᠯᠪᠡ᠃ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠶᠠᠰᠤ ᠴᠢᠨᠠᠷ ᠲᠡᠩᠴᠡᠭᠦᠷᠢᠲᠡᠶ ᠬᠥᠭᠵᠢᠵᠦ᠂ ᠪᠠᠭᠰᠢ ᠵᠢᠨ ᠡᠩᠨᠡᠭᠡ ᠵᠢᠨ ᠬᠡᠪ ᠴᠢᠨᠠᠷ ᠪᠥᠬᠥ ᠲᠠᠯ᠎ᠠ᠎ᠪᠠᠷ ᠰᠢᠯᠢᠳᠡᠭᠵᠢᠵᠦ᠂ ᠥᠨᠳᠥᠷ ᠳᠤᠮᠳᠠᠳᠤ ᠪᠠ ᠶᠡᠬᠡ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭ᠋ᠠᠯᠲᠠ ᠵᠢᠨ ᠬᠢᠷᠢ ᠪᠦᠲᠦᠮᠵᠢ ᠵᠠᠯᠭ᠋ᠠᠭ᠎ᠠ᠎ᠪᠠᠷ ᠰᠢᠨ᠎ᠡ ᠲᠡᠮᠳᠡᠭᠯᠡᠯ᠎ᠢ ᠡᠭᠦᠳᠪᠡ᠃ ᠰᠣᠶᠣᠯ ᠪᠡᠶ᠎ᠡ ᠵᠢᠨ ᠲᠠᠮᠢᠷ᠎ᠤᠨ ᠦᠢ᠍ᠯᠡᠰ ᠴᠡᠴᠡᠭᠯᠡᠨ ᠬᠥᠭᠵᠢᠵᠦ᠂ ᠬᠣᠲᠠ ᠵᠢᠨ ᠱᠠᠲᠤᠨ᠎ᠠᠴᠠ ᠳᠡᠭᠡᠭᠰᠢᠬᠢ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠱᠠᠩᠨᠠᠯ᠎ᠤᠨ ᠮᠧᠳᠠᠯ 117 ᠣᠯᠵᠤ᠂ ᠠᠵᠢᠯ᠎ᠤᠨ ᠴᠢᠯᠥᠭᠡᠨ᠎ᠤ ᠪᠡᠶ᠎ᠡ ᠵᠢᠨ ᠲᠠᠮᠢᠷ᠎ᠤᠨ ᠰᠤᠷᠭ᠋ᠠᠭᠤᠯᠢ᠎ᠨᠢ 《ᠤᠯᠤᠰ ᠪᠡᠶ᠎ᠡ ᠵᠢᠨ ᠲᠠᠮᠢᠷ᠎ᠤᠨ ᠪᠡᠯᠡᠳᠬᠡᠯ ᠴᠢᠳᠠᠪᠤᠷᠢᠲᠠᠨ᠎ᠤ ᠰᠠᠭᠤᠷᠢᠨ ᠭᠠᠵᠠᠷ》 ᠵᠶ᠋ᠠᠷ ᠦᠨᠡᠯᠡᠭᠳᠡᠪᠡ᠃ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠦᠢ᠍ᠯᠡᠰ ᠭᠦᠨᠵᠡᠭᠡᠶ᠋ᠢᠷᠡᠨ ᠪᠣᠳᠠᠲᠠᠶ᠋ᠢᠵᠢᠵᠤ᠂ ᠵᠣᠬᠢᠶᠠᠨ ᠪᠦᠲᠦᠭᠡᠭᠰᠡᠨ ᠦᠨᠳᠦᠰᠦᠲᠡᠨ᠎ᠤ ᠠᠭᠤᠳᠠᠮ ᠲᠠᠯᠠᠪᠠᠢ ᠵᠢᠨ ᠪᠥᠵᠢᠭ 《ᠤᠢ ᠰᠢᠭᠤᠢ᠎ᠳᠠᠬᠢ ᠺᠤᠺᠠᠺᠠ ᠵᠢᠨ ᠬᠥᠭᠵᠢᠮ》᠎ᠨᠢ ᠪᠦᠬᠦ ᠤᠯᠤᠰ᠎ᠤᠨ ᠤᠯᠠᠨ ᠲᠦᠮᠡᠨ᠎ᠤ ᠤᠳᠬ᠎ᠠ ᠤᠷᠠᠯᠢᠭ᠎ᠤᠨ 《ᠤᠳᠤᠨ ᠱᠠᠩᠨᠠᠯ》 ᠢ ᠬᠦᠷᠳᠡᠵᠤ᠂ ᠣᠯᠭᠣᠶᠠ ᠡᠸᠡᠩᠬᠢ ᠦᠨᠳᠦᠰᠦᠲᠡᠨ᠎ᠤ ᠰᠢᠶᠠᠩ᠎ᠨᠢ 《ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠦᠵᠡᠭᠦᠯᠬᠦ ᠨᠢᠭᠡᠴᠢ》᠎ᠪᠠᠷ ᠨᠡᠷᠡᠶ᠋ᠢᠳᠦᠭᠳᠡᠵᠦ᠂ ᠵᠣᠯ ᠵᠢᠷᠭ᠋ᠠᠯᠲᠤ ᠨᠡᠶ᠋ᠢᠭᠡᠮ ᠲᠣᠭᠣᠷᠢᠭ᠎ᠨᠢ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠨᠦᠭᠦᠳ ᠦ᠋᠊ᠨ ᠤᠯᠠᠨ ᠲᠦᠮᠡᠨ᠎ᠤ ᠬᠠᠷᠢᠯᠴᠠᠨ ᠰᠢᠭᠢᠳᠬᠡᠬᠦ ᠮᠠᠶᠢᠭ᠎ᠤᠨ ᠬᠥᠭᠵᠢᠯᠲᠡ ᠵᠢᠨ ᠲᠤᠷᠰᠢᠯᠲᠠ ᠵᠢᠨ ᠴᠡᠭ ᠦ᠋᠊ᠨ ᠨᠡᠶ᠋ᠢᠭᠡᠮ ᠲᠣᠭᠣᠷᠢᠭ ᠵᠶ᠋ᠠᠷ ᠲᠣᠭᠳᠠᠭ᠋ᠠᠭᠳᠠᠵᠤ᠂ ᠦᠨᠳᠦᠰᠦᠲᠡᠨ᠎ᠨᠦᠭᠦᠳ ᠦ᠋᠊ᠨ ᠰᠣᠯᠢᠯᠴᠠᠭ᠎ᠠ ᠠᠭᠤᠰᠤᠯᠴᠠᠯ᠎ᠤᠨ ᠥᠷᠭᠡᠴᠡ ᠪᠠ ᠭᠦᠨᠴᠡ ᠦᠷᠭᠦᠯᠵᠢᠯᠡᠨ ᠥᠷᠭᠡᠵᠢᠪᠡ᠃
ᠰᠠᠶ᠋ᠢᠬᠠᠨ ᠥᠩᠭᠡᠷᠡᠭᠰᠡᠨ 2025 ᠣᠨ᠎ᠳᠤ᠂ ᠥᠭᠡᠷᠡᠴᠢᠯᠡᠯᠲᠡ ᠬᠥᠭᠵᠢᠯᠲᠡ ᠬᠦᠨᠳᠦ ᠡᠭᠦᠷᠭᠡ ᠵᠢᠨ ᠡᠮᠦᠨ᠎ᠡ᠂ ᠬᠣᠲᠠ ᠵᠢᠨ ᠨᠠᠮ᠎ᠤᠨ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠪᠥᠬᠥ ᠬᠣᠲᠠ ᠵᠢᠨ ᠳᠡᠭᠡᠳᠦ ᠳᠤᠤᠷᠠᠳᠤ ᠱᠠᠲᠤ᠎ᠪᠠᠷ ᠵᠶ᠋ᠠᠨ ᠴᠢᠨᠠᠷ ᠰᠠᠶ᠋ᠢᠲᠠᠶ ᠬᠥᠭᠵᠢᠯᠲᠡ ᠪᠠ ᠥᠨᠳᠥᠷ ᠲᠦᠪᠰᠢᠨ᠎ᠤ ᠬᠠᠮᠠᠭ᠋ᠠᠯᠠᠯᠲᠠ ᠵᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠪᠥᠬᠥ ᠬᠦᠴᠦᠨ ᠵᠶ᠋ᠡᠷ ᠵᠶ᠋ᠡᠨ ᠠᠵᠤ ᠠᠬᠤᠶ ᠵᠢ ᠠᠳᠬᠤᠵᠤ᠂ ᠬᠥᠭᠵᠢᠯᠲᠡ ᠵᠢ ᠠᠬᠢᠭᠤᠯᠵᠤ᠂ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠵᠦ᠂ ᠲᠣᠭᠲᠠᠭᠤᠨ᠎ᠢ ᠪᠠᠲᠤᠯᠠᠵᠤ᠂ ᠠᠵᠤ ᠠᠬᠤᠶ ᠨᠡᠶ᠋ᠢᠭᠡᠮ ᠦ᠋᠊ᠨ ᠬᠥᠭᠵᠢᠯᠲᠡ ᠰᠢᠨ᠎ᠡ ᠦᠷ᠎ᠡ ᠪᠦᠲᠦᠮᠵᠢ ᠤᠯᠪᠠ᠃
ᠨᠢᠭᠡ᠎ᠳᠤ ᠠᠵᠤ ᠠᠬᠤᠢ ᠵᠢᠨ ᠠᠵᠢᠯᠯᠠᠭ᠋ᠠᠨ ᠲᠣᠭᠲᠠᠭᠤᠨ ᠪᠠᠶ᠋ᠢᠬᠤ ᠵᠢᠨ ᠤᠷᠤᠭᠰᠢᠯᠠᠪᠠ᠃ ᠭᠠᠵᠠᠷ ᠣᠷᠣᠨ᠎ᠤ ᠦᠢ᠍ᠯᠡᠳᠪᠦᠷᠢᠯᠡᠯ ᠦ᠋᠊ᠨ ᠶᠡᠷᠦᠩᠬᠡᠶ ᠥᠷᠲᠡᠭ 38 . 47 ᠳ᠋ᠦᠩᠰᠢᠭᠤᠷ ᠲᠥᠭᠥᠷᠢᠭ᠎ᠢ ᠪᠡᠶᠡᠯᠡᠭᠦᠯᠵᠦ᠂ 5 . 3 % ᠪᠠᠷ ᠨᠡᠮᠡᠭᠳᠡᠵᠦ᠂ ᠨᠡᠮᠡᠭᠳᠡᠯ ᠦ᠋᠊ᠨ ᠬᠤᠷᠳᠤᠴᠠ᠎ᠨᠢ ᠬᠥᠯᠥᠨ ᠪᠣᠶ᠋ᠢᠷ ᠬᠣᠲᠠ ᠵᠢᠷᠭᠤᠳᠤᠭ᠋ᠠᠷ᠎ᠲᠤ ᠣᠷᠣᠪᠠ; ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ 10 . 6 % ᠨᠡᠮᠡᠭᠳᠡᠵᠦ᠂ ᠨᠡᠮᠡᠭᠳᠡᠯ ᠦ᠋᠊ᠨ ᠬᠤᠷᠳᠤᠴᠠ᠎ᠨᠢ ᠬᠥᠯᠥᠨ ᠪᠣᠶ᠋ᠢᠷ ᠬᠣᠲᠠ ᠲᠠᠪᠤᠳᠤᠭ᠋ᠠᠷ᠎ᠲᠤ ᠣᠷᠣᠪᠠ; ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠵᠢ 9 . 37 ᠳ᠋ᠦᠩᠰᠢᠭᠤᠷ ᠲᠥᠭᠥᠷᠢᠭ ᠪᠡᠶᠡᠯᠡᠭᠦᠯᠵᠦ᠂ 10 . 1 % ᠨᠡᠮᠡᠭᠳᠡᠪᠡ; ᠨᠡᠶ᠋ᠢᠭᠡᠮ ᠦ᠋᠊ᠨ ᠬᠡᠷᠡᠭᠯᠡᠭᠡᠨ᠎ᠤ ᠪᠣᠳᠠᠰ᠎ᠢ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠬᠡᠮᠵᠢᠶ᠎ᠡ ᠵᠢ 14 . 38 ᠳ᠋ᠦᠩᠰᠢᠭᠤᠷ ᠲᠥᠭᠥᠷᠢᠭ᠎ᠲᠤ ᠬᠦᠷᠭᠡᠵᠦ᠂ 1 . 2 % ᠪᠠᠷ ᠨᠡᠮᠡᠭᠳᠡᠭᠦᠯᠦᠨ᠎ᠡ; ᠡᠩ ᠦ᠋᠊ᠨ ᠣᠯᠠᠨ ᠨᠡᠶ᠋ᠢᠲᠡ ᠵᠢᠨ ᠲᠥᠰᠦᠪ ᠦ᠋᠊ᠨ ᠣᠷᠣᠯᠭ᠎ᠠ ᠵᠢ 1 . 27 ᠳ᠋ᠦᠩᠰᠢᠭᠤᠷ ᠲᠥᠭᠥᠷᠢᠭ ᠪᠡᠶᠡᠯᠡᠭᠦᠯᠵᠦ᠂ ᠬᠠᠷᠢᠴᠠᠭᠤᠯᠵᠤ ᠪᠣᠯᠬᠤ ᠪᠠᠷᠢᠮᠵᠢᠶ᠎ᠠ᠎ᠪᠠᠷ 10 . 97 % ᠨᠡᠮᠡᠭᠳᠡᠪᠡ; ᠬᠣᠲᠠ ᠪᠠᠯᠭ᠋ᠠᠰᠤᠨ᠎ᠤ ᠪᠠᠶ᠋ᠢᠩᠭᠤ ᠰᠠᠭᠤᠭ᠎ᠠ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠲᠣᠬᠢᠷᠠᠭᠤᠯᠵᠤ ᠪᠣᠯᠬᠤᠶ᠋ᠢᠴᠠ ᠣᠷᠣᠯᠭ᠎ᠠ 37112 ᠲᠥᠭᠥᠷᠢᠭ᠎ᠲᠤ ᠬᠦᠷᠭᠡᠵᠦ᠂ 3 . 7 % ᠪᠠᠷ ; ᠪᠣᠬᠢᠷᠲᠤᠯ ᠦᠭᠡᠢ ᠭᠦᠢ᠍ᠴᠡᠳᠬᠡᠬᠦ ᠲᠣᠭ᠎ᠠ ᠵᠢ ᠪᠦᠬᠦ ᠲᠠᠯ᠎ᠠ᠎ᠪᠠᠷ ᠪᠡᠶᠡᠯᠡᠭᠦᠯᠵᠦ᠂ ᠠᠵᠤ ᠠᠬᠤᠢ ᠵᠢᠨ ᠬᠥᠭᠵᠢᠯᠲᠡᠰᠠᠶ᠋ᠢᠵᠢᠷᠠᠬᠤ ᠬᠠᠨᠳᠤᠰᠢ ᠢᠯᠡᠷᠡᠪᠡ᠃ ᠲᠥᠷᠥᠯ ᠵᠦᠢ᠍ᠯ ᠦ᠋᠊ᠨ ᠪᠠᠯᠠ ᠣᠷᠣᠭᠤᠯᠤᠯᠲᠠ ᠵᠢᠨ ᠬᠡᠮᠵᠢᠶ᠎ᠡ ᠵᠢ ᠥᠷᠭᠡᠳᠬᠡᠨ ᠶᠠᠰᠤ ᠴᠢᠨᠠᠷ᠎ᠢ ᠃ ᠪᠥᠬᠥ ᠵᠢᠯ᠎ᠳᠤ ᠭᠤᠤᠯᠳᠠᠯᠭ᠎ᠠ᠎ᠲᠠᠢ ᠲᠥᠷᠥᠯ ᠵᠦᠢ᠍ᠯ᠎ᠢ 38 ᠬᠡᠷᠡᠭᠵᠢᠭᠦᠯᠵᠦ᠂ ᠡᠯ᠎ᠡ ᠲᠥᠷᠥᠯ ᠦ᠋᠊ᠨ ᠪᠠᠯᠠ ᠮᠥᠩᠭᠥ᠂ ᠵᠠᠰᠠᠭ᠎ᠤᠨ ᠣᠷᠳᠣᠨ᠎ᠤ ᠵᠢᠭᠡᠯᠡᠯᠭᠡ ᠵᠢᠨ ᠲᠡᠮᠳᠡᠭᠲᠦ ᠵᠢ ᠨᠡᠶ᠋ᠢᠲᠡ 2 . 1 ᠳ᠋ᠦᠩᠰᠢᠭᠤᠷ ᠲᠥᠭᠥᠷᠢᠭ ᠲᠡᠮᠡᠴᠡᠨ ᠣᠯᠵᠤ᠂ 11 . 9 ᠳ᠋ᠦᠩᠰᠢᠭᠤᠷ ᠲᠥᠭᠥᠷᠢᠭ ᠦ᠋᠊ᠨ ᠪᠠᠯᠠ ᠣᠷᠣᠭᠤᠯᠤᠯᠲᠠ ᠵᠢ ᠪᠡᠶᠡᠯᠡᠭᠦᠯᠵᠦ᠂ ᠠᠵᠤ ᠦᠢ᠍ᠯᠡᠰ ᠦ᠋᠊ᠨ ᠬᠥᠭᠵᠢᠯᠲᠡ ᠪᠠ ᠰᠣᠶᠣᠯ ᠵᠢᠭᠤᠯᠴᠢᠯᠠᠯ᠎ᠤᠨ ᠲᠥᠷᠥᠯ ᠵᠦᠢ᠍ᠯ ᠦ᠋᠊ᠨ ᠪᠠᠯᠠ ᠣᠷᠣᠭᠤᠯᠤᠯᠲᠠ ᠵᠢᠨ ᠡᠵᠡᠯᠡᠬᠦ ᠬᠠᠷᠢᠴᠠᠯ 85 . 5 % ᠳᠤ ᠬᠦᠷᠴᠦ᠂ ᠪᠠᠯᠠ ᠣᠷᠣᠭᠤᠯᠤᠯᠲᠠ ᠵᠢᠨ ᠪᠦᠲᠦᠴᠡ ᠨᠠᠩ ᠵᠦᠶ ᠵᠣᠬᠢᠰᠲᠠᠶ ᠪᠣᠯᠪᠠ᠃ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃ ᠠᠷᠠᠯᠵᠢᠶᠠᠴᠢᠨ ᠤᠷᠢᠬᠤ 28 ᠲᠥᠷᠦᠯ ᠵᠦᠢ᠍ᠯ᠎ᠢ ᠬᠡᠷᠡᠭᠵᠢᠭᠦᠯᠵᠦ᠂ 6 . 1 ᠳ᠋ᠦᠩᠰᠢᠭᠤᠷ ᠲᠥᠭᠥᠷᠢᠭ ᠦ᠋᠊ᠨ ᠪᠡᠯᠡ ᠮᠥᠩᠭᠥ ᠵᠢ ᠲᠡᠳᠡᠨ ᠣᠷᠣᠭᠤᠯᠵᠤ᠂ ᠰᠢᠶᠠᠩᠭ᠋ᠠᠩ᠎ᠤᠨ ᠠᠵᠤ ᠠᠬᠤᠢ᠍ᠯᠠᠯ᠎ᠤᠨ ᠣᠷᠣᠵᠤ ᠰᠠᠭᠤᠬᠤ ᠭᠡᠷ᠎ᠡ ᠲᠣᠭᠲᠠᠬᠤ ᠵᠢ ᠠᠬᠢᠭᠤᠯᠵᠤ᠂ ᠭᠠᠳᠠᠭ᠋ᠠᠳᠤ ᠪᠡᠯᠡ ᠵᠢ ᠲᠡᠳᠡᠨ ᠣᠷᠣᠭᠤᠯᠬᠤ᠎ᠳᠤ ᠬᠦᠴᠢᠷ ᠠᠰᠠᠭᠤᠳᠠᠯ᠎ᠢ ᠰᠢᠢ᠍ᠳᠪᠦᠷᠢᠯᠡᠨ ᠬᠥᠭᠵᠢᠭᠦᠯᠬᠦ ᠵᠢ ᠪᠡᠶᠡᠯᠡᠭᠦᠯᠪᠡ᠃ 《ᠭᠡᠭᠡᠨ ᠭᠤᠤᠯ ᠬᠣᠲᠠ ᠵᠢᠨ ᠠᠷᠠᠯᠵᠢᠶ᠎ᠠ ᠬᠤᠳᠠᠯᠳᠤᠭ᠋ᠠᠨ᠎ᠤ ᠭᠦᠢ᠍ᠯᠭᠡᠭᠡᠨ᠎ᠤ ᠦᠢ᠍ᠯᠡᠰ ᠦ᠋᠊ᠨ ᠵᠠᠬ᠎ᠠ ᠳᠡᠯᠭᠡᠭᠦᠷ ᠦ᠋᠊ᠨ ᠭᠤᠤᠯ ᠴᠣᠭᠴᠠ ᠵᠢᠨ ᠴᠢᠨᠠᠷ ᠰᠠᠶ᠋ᠢᠲᠠᠶ ᠬᠥᠭᠵᠢᠯᠲᠡ ᠵᠢᠨ ᠠᠷᠭ᠎ᠠ ᠬᠡᠮᠵᠢᠶ᠎ᠡ (ᠲᠤᠷᠰᠢᠨ ᠬᠡᠷᠡᠭᠵᠢᠭᠦᠯᠬᠦ)》 ᠵᠢ ᠨᠡᠶ᠋ᠢᠲᠡᠯᠡᠵᠦ᠂ ᠠᠵᠤ ᠠᠬᠤᠶ᠋ᠢᠯᠠᠯ᠎ᠢ ᠲᠤᠰᠠᠯᠠᠬᠤ 17 ᠵᠦᠢ᠍ᠯ ᠦ᠋᠊ᠨ ᠠᠷᠭ᠎ᠠ ᠬᠡᠮᠵᠢᠶ᠎ᠡ ᠵᠢ ᠲᠣᠭᠲᠠᠭ᠋ᠠᠵᠤ᠂ ᠠᠷᠠᠳ᠎ᠤᠨ ᠡᠵᠡᠩᠨᠡᠯᠲᠡ ᠵᠢᠨ ᠠᠵᠤ ᠠᠬᠤᠶ᠋ᠢᠯᠠᠯ᠎ᠤᠨ ᠬᠦᠰᠡᠯ ᠱᠠᠭ᠋ᠠᠷᠳᠠᠯᠭ᠎ᠠ ᠵᠢ ᠬᠠᠪᠰᠤᠷᠤᠨ ᠭᠦᠢ᠍ᠴᠡᠳᠬᠡᠬᠦ ᠠᠵᠢᠯ᠎ᠤᠨ ᠲᠣᠭᠲᠠᠴᠠ ᠵᠢ ᠪᠠᠶ᠋ᠢᠭᠤᠯᠵᠤ᠂ 33 ᠠᠵᠤ ᠠᠬᠤᠶ᠋ᠢᠯᠠᠯ᠎ᠤᠨ ᠲᠥᠷᠥᠯ ᠵᠦᠢ᠍ᠯ᠎ᠢ ᠲᠦᠷᠭᠡᠨ ᠨᠠᠶ᠋ᠢᠳᠠᠪᠤᠷᠢᠵᠢᠭᠤᠯᠬᠤ ᠵᠢ ᠠᠬᠢᠭᠤᠯᠪᠠ᠃ 《ᠵᠠᠰᠠᠭ ᠪᠠᠩᠬᠢ ᠠᠵᠤ ᠠᠬᠤᠶ᠋ᠢᠯᠠᠯ》 ᠢ ᠵᠣᠯᠭ᠋ᠠᠭᠤᠯᠬᠤ ᠲᠣᠭᠲᠠᠴᠠ ᠵᠢ ᠭᠦᠨᠵᠡᠭᠡᠶ᠋ᠢᠷᠡᠭᠦᠯᠵᠦ᠂ ᠵᠢᠵᠢᠭ ᠪᠢᠴᠢᠯ ᠠᠵᠤ ᠠᠬᠤᠶ᠋ᠢᠯᠠᠯ᠎ᠤᠨ 1 . 67 ᠳ᠋ᠦᠩᠰᠢᠭᠤᠷ ᠲᠥᠭᠥᠷᠢᠭ ᠦ᠋᠊ᠨ ᠵᠢᠭᠡᠯᠡᠯᠭᠡ ᠤᠯᠬᠤ᠎ᠳᠤ ᠬᠦᠴᠦᠨ ᠨᠡᠮᠡᠷᠢᠯᠡᠪᠡ᠃ ᠵᠠᠬ᠎ᠠ ᠳᠡᠯᠭᠡᠭᠦᠷ ᠦ᠋᠊ᠨ ᠭᠣᠣᠯ ᠴᠣᠭᠴᠠ 551 ᠡᠷᠦᠬᠡ ᠰᠢᠨ᠎ᠡ᠎ᠪᠠᠷ ᠨᠡᠮᠡᠭᠳᠡᠵᠦ᠂ ᠠᠵᠤ ᠠᠬᠤᠢ ᠵᠢᠨ ᠠᠮᠢᠵᠢᠷᠠᠯ᠎ᠤᠨ ᠬᠦᠴᠦᠨ ᠦᠷᠭᠦᠯᠵᠢᠯᠡᠨ ᠳᠡᠭᠡᠭᠰᠢᠯᠡᠪᠡ᠃
ᠬᠣᠶᠠᠷ᠎ᠲᠤ ᠠᠵᠤ ᠦᠢ᠍ᠯᠡᠰ ᠦ᠋᠊ᠨ ᠬᠡᠯᠪᠡᠷᠢ᠎ᠪᠠᠨ ᠬᠤᠪᠢᠷᠠᠭᠤᠯᠬᠤ ᠬᠤᠷᠳᠤᠴᠠ ᠵᠢ ᠲᠦᠷᠭᠡᠳᠬᠡᠪᠡ᠃ ᠰᠣᠶᠣᠯ ᠵᠢᠭᠤᠯᠴᠢᠯᠠᠯ᠎ᠤᠨ ᠠᠵᠤ ᠦᠢ᠍ᠯᠡᠰ ᠦ᠋᠊ᠨ ᠶᠠᠰᠤ ᠴᠢᠨᠠᠷ ᠦᠷ᠎ᠡ ᠠᠰᠢᠭ ᠳᠡᠭᠡᠭᠰᠢᠯᠡᠪᠡ᠃ ᠥᠪᠡᠷᠲᠡᠭᠡᠨ ᠵᠠᠰᠠᠬᠤ ᠣᠷᠣᠨ᠎ᠤ ᠮᠥᠰᠥ ᠴᠠᠰᠤᠨ᠎ᠤ ᠵᠢᠭᠤᠯᠴᠢᠯᠠᠯ᠎ᠤᠨ ᠤᠯᠠᠷᠢᠯ᠎ᠤᠨ ᠡᠬᠢᠯᠡᠯᠲᠡ ᠵᠢᠨ ᠶᠣᠰᠣᠯᠠᠯ᠎ᠢ ᠠᠮᠵᠢᠯᠲᠠ᠎ᠲᠠᠢ ᠡᠷᠬᠢᠯᠡᠪᠡ᠃ ᠣᠯᠭᠣᠶᠠ ᠵᠢᠨ 5 A ᠲᠠᠰ᠎ᠤᠨ ᠦᠵᠡᠮᠵᠢ ᠵᠢᠨ ᠣᠷᠣᠨ᠎ᠢ ᠡᠭᠦᠳᠦᠨ ᠪᠠᠶ᠋ᠢᠭᠤᠯᠬᠤ ᠠᠵᠢᠯ ᠯᠠᠪᠳᠠᠭᠤᠨ ᠵᠶ᠋ᠠᠷ ᠂ ᠣᠶ ᠰᠢᠭᠤᠶ ᠵᠢᠨ ᠬᠤᠷᠢᠮ᠂ ᠣᠯᠭᠣᠶᠠ ᠵᠢᠨ ᠳᠠᠶ᠋ᠢᠯᠠᠯᠭ᠎ᠠ ᠵᠡᠷᠭᠡ ᠣᠨᠴᠠᠯᠢᠭᠲᠤ ᠡᠵᠡᠩᠨᠡᠯᠲᠡ ᠵᠢᠨ ᠬᠡᠯᠪᠡᠷᠢ ᠪᠠᠶ᠋ᠢᠳᠠᠯ᠎ᠢ ᠵᠠᠯᠭ᠋ᠠᠭ᠎ᠠ᠎ᠪᠠᠷ ᠨᠠᠶ᠋ᠢᠳᠠᠪᠤᠷᠢᠵᠢᠭᠤᠯᠵᠤ᠂ ᠦᠵᠡᠮᠵᠢ ᠵᠢᠨ ᠣᠷᠣᠨ᠎ᠤ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠣᠯᠠᠨ ᠡᠰᠢᠵᠢᠭᠦᠯᠦᠨ ᠥᠷᠭᠡᠳᠬᠡᠪᠡ᠃ ᠥᠪᠥᠷ ᠮᠣᠩᠭᠣᠯ᠎ᠤᠨ ᠮᠥᠰᠥ ᠴᠠᠰᠤᠨ᠎ᠤ ᠪᠠᠭ᠋ᠠᠲᠤᠷᠴᠤᠳ᠎ᠤᠨ ᠬᠤᠷᠠᠯ᠎ᠤᠨ ᠭᠡᠭᠡᠨ ᠭᠤᠤᠯ ᠥᠷᠲᠡᠭᠡ ᠵᠢᠨ ᠰᠢᠷᠢᠰ ᠠᠵᠢᠯᠯᠠᠭ᠎ᠠ ᠵᠢ ᠠᠮᠵᠢᠯᠲᠠ᠎ᠲᠠᠢ ᠡᠷᠬᠢᠯᠡᠵᠦ᠂ 《ᠳᠤᠮᠳᠠᠳᠤ ᠤᠯᠤᠰ ᠬᠦᠢ᠍ᠲᠡᠨ 》᠂ 《ᠮᠥᠰᠥ ᠴᠠᠰᠤᠨ᠎ᠤ ᠵᠢᠯ》 ᠵᠡᠷᠭᠡ ᠣᠨᠴᠠᠯᠢᠭᠲᠤ ᠲᠥᠷᠥᠯ ᠵᠦᠢ᠍ᠯ᠎ᠢ ᠡᠭᠦᠳᠴᠦ᠂ ᠾᠧ ᠬᠣᠲᠠ ᠬᠣᠯᠪᠣᠭ᠋ᠠᠯᠠᠨ 《ᠶᠡᠬᠡ ᠬᠢᠩᠭ᠋ᠠᠨ ᠳᠠᠪᠠᠭ᠎ᠠ ᠵᠢᠨ ᠦᠵᠡᠮᠵᠢ ᠵᠢᠨ ᠵᠠᠮ 》 ᠰᠣᠳᠣᠨ ᠵᠠᠮ ᠱᠤᠭᠤᠮ᠎ᠢ ᠨᠡᠭᠡᠭᠡᠵᠦ᠂ ᠯᠦ᠍ ᠬᠤ ᠳᠤᠮᠳᠠᠳᠤ ᠤᠯᠤᠰ ᠲᠡᠷᠭᠡᠨ ᠠᠩᠭᠢ᠎ᠲᠠᠢ 《ᠲᠣᠮᠣ ᠬᠤᠸᠠᠷᠠᠨ ᠵᠶ᠋ᠠᠷ ᠥᠩᠭᠡᠷᠡᠬᠦ》 ᠬᠠᠮᠲᠤᠷᠠᠯᠴᠠᠭ᠋ᠠᠨ᠎ᠤ ᠬᠡᠯᠡᠯᠴᠡᠭᠡᠷ ᠲᠣᠭᠲᠠᠵᠤ᠂ ᠡᠪᠦᠯ ᠦ᠋᠊ᠨ ᠤᠯᠠᠷᠢᠯ᠎ᠤᠨ ᠵᠢᠭᠤᠯᠴᠢᠯᠠᠯ᠎ᠤᠨ ᠲᠠᠲᠠᠬᠤ ᠬᠦᠴᠦᠨ ᠢᠯᠡᠳᠲᠡ ᠴᠢᠩᠭ᠋ᠠᠷᠠᠪᠠ᠃ 《ᠳᠤᠮᠳᠠᠳᠤ ᠤᠯᠤᠰ ᠬᠦᠢ᠍ᠲᠡᠨ 》 ᠨᠡᠷᠡᠲᠦ ᠲᠡᠮᠳᠡᠭᠲᠦ ᠵᠢ ᠤᠬᠠᠭᠤᠯᠤᠨ ᠳᠡᠯᠭᠡᠷᠡᠭᠦᠯᠬᠦ ᠲᠥᠰᠦᠯ》 ᠢ ᠲᠣᠭᠲᠠᠭ᠋ᠠᠨ ᠬᠡᠷᠡᠭᠵᠢᠭᠦᠯᠵᠦ᠂ ᠲᠥᠪ ᠲᠧᠯᠸᠢᠰ ᠦ᠋᠊ᠨ 《ᠰᠣᠶᠣᠯ ᠢᠷᠭᠡᠨᠰᠢᠯ ᠨᠡᠷᠡᠲᠦ ᠪᠠᠯᠭ᠋ᠠᠰᠤ》᠂ 《ᠠᠯᠤᠰ ᠭᠡᠷ 》 ᠺᠢᠨᠣ᠋ ᠰᠡᠭᠦᠳᠡᠷᠯᠡᠵᠦ᠂ ᠭᠡᠭᠡᠨ ᠭᠣᠣᠯ ᠬᠣᠲᠠ ᠥᠪᠡᠷᠲᠡᠭᠡᠨ ᠵᠠᠰᠠᠬᠤ ᠣᠷᠣᠨ᠎ᠤ ᠰᠣᠶᠣᠯ ᠵᠢᠭᠤᠯᠴᠢᠯᠠᠯ᠎ᠤᠨ ᠠᠭᠤᠰᠤᠯᠴᠠᠨ ᠬᠥᠭᠵᠢᠬᠦ ᠦᠵᠡᠭᠦᠯᠬᠦ ᠣᠷᠣᠨ ᠰᠣᠩᠭᠣᠭᠳᠠᠪᠠ; ᠬᠦᠢ᠍ᠲᠡᠨ ᠲᠣᠰᠬᠣᠨ 3 A ᠲᠡᠰ᠎ᠤᠨ ᠦᠵᠡᠮᠵᠢ ᠵᠢᠨ ᠣᠷᠣᠨ ᠪᠣᠯᠪᠠ; ᠯᠢᠩ ᠳᠠᠪᠠᠭ᠋ᠠᠨ ᠳᠡᠭᠡᠷ᠎ᠡ ᠠᠷᠠᠳ᠎ᠤᠨ ᠣᠷᠣᠨ ᠰᠠᠭᠤᠴᠠ ᠤᠯᠤᠰ᠎ᠤᠨ ᠳᠡᠰ᠎ᠤᠨ ᠠᠷᠠᠳ᠎ᠤᠨ ᠣᠷᠣᠨ ᠰᠠᠭᠤᠴᠠ ᠪᠤᠯᠵᠤ᠂ 《ᠳᠤᠮᠳᠠᠳᠤ ᠤᠯᠤᠰ ᠤᠨ ᠬᠦᠢ᠍ᠲᠡᠨ 》᠂ 《ᠣᠯᠭᠣᠶᠠ》 ᠲᠦᠷᠦᠯ ᠲᠡᠮᠳᠡᠭ ᠦ᠋᠊ᠨ ᠨᠥᠯᠥᠭᠡᠯᠡᠬᠦ ᠬᠦᠴᠦᠨ ᠦᠷᠭᠦᠯᠵᠢᠯᠡᠨ ᠳᠡᠭᠡᠭᠰᠢᠯᠡᠪᠡ᠃ ᠪᠥᠬᠥ ᠵᠢᠯ᠎ᠳᠤ ᠵᠢᠭᠤᠯᠴᠢᠯᠠᠭᠴᠢᠳ᠎ᠢ 282 . 17 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠂ ᠵᠢᠭᠤᠯᠴᠢᠯᠠᠯ᠎ᠤᠨ ᠣᠷᠣᠯᠭ᠎ᠠ ᠵᠢ 41 . 02 ᠳ᠋ᠦᠩᠰᠢᠭᠤᠷ ᠲᠥᠭᠥᠷᠢᠭ ᠪᠡᠶᠡᠯᠡᠭᠦᠯᠵᠦ᠂ ᠲᠣᠰ ᠲᠣᠰ 12 % ᠪᠠ 11 % ᠨᠡᠮᠡᠭᠳᠡᠪᠡ᠃ ᠲᠠᠷᠢᠶᠠᠯᠠᠩ ᠮᠠᠯ ᠠᠵᠤ ᠠᠬᠤᠶ ᠵᠢᠨ ᠠᠵᠤ ᠦᠢ᠍ᠯᠡᠰ ᠦ᠋᠊ᠨ ᠭᠠᠷᠤᠯᠲᠠ ᠵᠢ ᠲᠣᠭᠲᠠᠪᠤᠷᠢᠵᠢᠭᠤᠯᠤᠨ ᠴᠢᠨᠠᠷ ᠢ ᠃ ᠪᠡᠯᠴᠢᠭᠡᠷᠯᠡᠭᠦᠯᠬᠦ ᠵᠢ ᠴᠠᠭ᠋ᠠᠵᠠᠯᠠᠬᠤ ᠰᠡᠯᠭᠦᠨ ᠮᠠᠯᠵᠢᠬᠤ᠂ ᠮᠠᠯ ᠪᠡᠯᠴᠢᠭᠡᠷ ᠦ᠋᠊ᠨ ᠲᠡᠩᠴᠡᠭᠦᠷᠢ ᠵᠢ ᠪᠠᠲᠤᠯᠠᠬᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠢ ᠪᠥᠬᠥ ᠲᠠᠯ᠎ᠠ᠎ᠪᠠᠷ ᠨᠠᠶ᠋ᠢᠳᠠᠪᠤᠷᠢᠵᠢᠭᠤᠯᠤᠨ᠎ᠠ᠃ ᠠᠮᠤ ᠪᠤᠳᠠᠭ᠎ᠠ᠂ ᠰᠢᠯᠢᠮᠳᠡᠭ ᠲᠠᠷᠢᠬᠤ ᠡᠭᠦᠷᠭᠡ ᠵᠢ ᠳᠠᠪᠠᠭᠤᠯᠤᠨ ᠪᠡᠶᠡᠯᠡᠭᠦᠯᠵᠦ᠂ ᠬᠠᠷ᠎ᠠ ᠳᠡᠯᠳᠡᠦ᠂ ᠪᠢᠯᠢᠭᠲᠦ ᠳᠠᠯᠳᠠᠤ ᠵᠡᠷᠭᠡ ᠣᠨᠴᠠᠯᠢᠭᠲᠤ ᠤᠢ ᠵᠢᠨ ᠬᠣᠷᠮᠣᠶ ᠵᠢᠨ ᠭᠠᠷᠤᠯᠲᠠ ᠵᠢᠨ ᠲᠠᠷᠢᠬᠤ ᠬᠡᠪᠴᠢᠶ᠎ᠡ ᠵᠢ ᠦᠷᠭᠦᠯᠵᠢᠯᠡᠨ ᠥᠷᠭᠡᠳᠬᠡᠪᠡ᠃ 《ᠲᠠᠷᠢᠶᠠᠯᠠᠩ ᠵᠢᠭᠤᠯᠴᠢᠯᠠᠯ᠎ᠤᠨ ᠬᠤᠤᠰ ᠬᠡᠯᠬᠢᠶ᠎ᠡ》 ᠵᠢᠨ ᠵᠠᠭᠪᠤᠷ᠎ᠢ ᠭᠦᠨᠵᠡᠭᠡᠶ ᠳᠡᠯᠭᠡᠷᠡᠭᠦᠯᠵᠦ᠂ 2 ᠠᠵᠤ ᠠᠬᠤᠶ᠋ᠢᠯᠠᠯ 《ᠬᠥᠯᠥᠨ ᠪᠣᠶ᠋ᠢᠷ᠎ᠤᠨ ᠲᠠᠯ᠎ᠠ ᠨᠤᠲᠤᠭ》 ᠤᠨ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠥᠷᠥᠯ ᠲᠡᠮᠳᠡᠭᠲᠦ ᠵᠢᠨ ᠡᠷᠬᠡ ᠣᠯᠭᠣᠯᠲᠠ ᠵᠢ ᠣᠯᠵᠤ᠂ 《ᠬᠦᠢ᠍ᠲᠡᠨ ᠤᠰᠤ ᠣᠷᠴᠢᠯ ᠤᠰᠤ》 ᠵᠢᠨ ᠡᠭᠦᠯᠳᠡᠷ ᠦ᠋᠊ᠨ ᠢᠷᠡᠯᠲᠡ ᠵᠢᠨ ᠰᠠᠭᠤᠷᠢᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠣᠷᠣᠭᠤᠯᠤᠨ ᠠᠪᠴᠢᠷᠠᠵᠤ᠂ ᠣᠶ ᠵᠢᠨ ᠬᠣᠷᠮᠣᠶ ᠵᠢᠨ ᠠᠵᠤ ᠠᠬᠤᠶ ᠵᠢᠨ ᠬᠥᠭᠵᠢᠯᠲᠡ ᠪᠠ ᠠᠮᠢ ᠠᠬᠤᠶ ᠵᠢᠨ ᠦᠢ᠍ᠯᠡᠳᠬᠦᠨ᠎ᠤ ᠥᠷᠲᠡᠭ᠎ᠢ ᠬᠤᠪᠢᠷᠠᠭᠤᠯᠬᠤ ᠠᠷᠭ᠎ᠠ ᠵᠠᠮ᠎ᠢ ᠲᠠᠰᠤᠷᠠᠯᠲᠠ ᠥᠬᠡᠶ ᠥᠷᠭᠡᠳᠬᠡᠪᠡ᠃ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ ᠲᠦᠷᠭᠡᠨ ᠬᠥᠭᠵᠢᠪᠡ᠃ ᠬᠦᠢ᠍ᠲᠡᠨ ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠢ᠍ᠯᠡᠴᠢᠯᠡᠭᠡᠨ᠎ᠤ ᠬᠦᠷᠢᠶᠡᠨ᠎ᠳᠠᠬᠢ ᠳᠠᠪᠠᠭᠤᠯᠢᠭ ᠲᠠᠯ᠎ᠠ ᠦᠷᠭᠦᠯᠵᠢᠯᠡᠨ ᠲᠣᠪᠣᠶ᠋ᠢᠮ᠎ᠠ ᠢᠯᠡᠷᠡᠵᠦ᠂ ᠣᠯᠠᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠡᠮᠵᠢᠨ ᠲᠤᠷᠰᠢᠬᠤ ᠠᠵᠤ ᠠᠬᠤᠶ᠋ᠢᠯᠠᠯ᠎ᠲᠠᠢ ᠪᠠᠶ᠋ᠢᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠬᠠᠷᠢᠴᠠᠭ᠎ᠠ ᠪᠠᠶ᠋ᠢᠭᠤᠯᠵᠤ᠂ ᠳᠤᠮᠳᠠᠳᠤ ᠤᠯᠤᠰ᠎ᠤᠨ ᠮᠠᠰᠢᠨ ᠲᠡᠷᠭᠡᠨ᠎ᠤ ᠰᠤᠳᠤᠯᠭ᠋ᠠᠨ᠎ᠤ ᠬᠦᠷᠢᠶᠡᠯᠡᠩ᠎ᠲᠠᠢ ᠨᠢᠰᠦᠯᠲᠡ ᠵᠢᠨ ᠮᠠᠰᠢᠨ ᠲᠡᠷᠭᠡ ᠵᠢ ᠰᠢᠯᠭ᠋ᠠᠨ ᠲᠤᠷᠰᠢᠬᠤ ᠬᠠᠮᠲᠤᠷᠠᠯᠴᠠᠭ᠋ᠠᠨ᠎ᠤ ᠬᠠᠮᠲᠤ ᠵᠢᠨ ᠲᠠᠨᠢᠯᠲᠠ᠎ᠲᠠᠢ ᠪᠣᠯᠵᠣ᠂ ᠰᠠᠨᠰᠠᠷ᠎ᠤᠨ ᠠᠶᠠᠯᠠᠯ᠎ᠤᠨ ᠲᠠᠪᠤᠳᠤᠭ᠋ᠠᠷ ᠬᠦᠷᠢᠶᠡᠯᠡᠩ᠂ ᠶᠢᠰᠦᠳᠦᠭᠡᠷ ᠬᠦᠷᠢᠶᠡᠯᠡᠩ ᠦ᠋᠊ᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠡᠮᠵᠢᠨ ᠰᠢᠯᠭ᠋ᠠᠯᠲᠠ ᠵᠢᠴᠢ ᠳᠤᠮᠳᠠᠳᠤ ᠤᠯᠤᠰ᠎ᠤᠨ ᠠᠭ᠋ᠠᠷ᠎ᠤᠨ ᠠᠶᠠᠯᠠᠯ᠎ᠤᠨ ᠠᠵᠤ ᠦᠢ᠍ᠯᠡᠳᠪᠦᠷᠢ ᠵᠢᠨ ᠪᠠᠴᠢᠮ ᠪᠠᠶ᠋ᠢᠳᠠᠯ᠎ᠢ ᠠᠷᠭ᠋ᠠᠴᠠᠵᠤ ᠠᠪᠤᠷᠠᠨ ᠲᠤᠰᠠᠯᠠᠬᠤ ᠰᠢᠬᠦᠷ᠎ᠲᠤ ᠪᠠᠭᠤᠬᠤ ᠵᠡᠷᠭᠡ ᠡᠭᠦᠷᠭᠡ ᠵᠢ ᠲᠡᠭᠦᠰ ᠠᠮᠵᠢᠯᠲᠠ᠎ᠲᠠᠢ ᠪᠡᠶᠡᠯᠡᠭᠦᠯᠵᠦ᠂ ᠲᠤᠬᠠᠶ᠋ᠢᠯᠠᠭᠰᠠᠨ ᠠᠵᠢᠯ᠎ᠤᠨ ᠬᠡᠯᠬᠢᠶ᠎ᠡ ᠵᠢ ᠪᠦᠲᠦᠮᠵᠢᠲᠡᠶ ᠥᠷᠭᠡᠳᠬᠡᠪᠡ᠃ ᠤᠯᠠᠮᠵᠢᠯᠠᠯᠲᠤ ᠠᠵᠤ ᠦᠢ᠍ᠯᠡᠰ᠎ᠢ ᠰᠢᠯᠢᠳᠡᠭᠵᠢᠭᠦᠯᠦᠨ ᠳᠡᠰ ᠃ ᠵᠢᠨ ᠠᠭᠤᠷᠬᠠᠢ ᠵᠢᠨ ᠦᠢ᠍ᠯᠡᠰ ᠤᠷᠤᠭᠰᠢᠲᠠᠢ᠎ᠪᠠᠷ ᠦᠢ᠍ᠯᠡᠳᠪᠦᠷᠢᠯᠡᠯ ᠵᠶ᠋ᠡᠨ ᠰᠡᠷᠭᠦᠭᠡᠵᠦ᠂ ᠱᠠᠨ ᠵᠢᠨ ᠠᠭᠤᠷᠬᠠᠢ ᠵᠢᠨ ᠦᠢ᠍ᠯᠡᠰ ᠦ᠋᠊ᠨ ᠰᠠᠨ ᠾᠧ᠂ ᠯᠢᠦᠢ ᠵᠢᠨ ᠱᠠᠨ ᠠᠭᠤᠷᠬᠠᠢ ᠵᠢᠨ ᠬᠡᠰᠡᠭ ᠦ᠋᠊ᠨ ᠬᠠᠷ᠎ᠠ ᠲᠤᠭᠤᠯᠭ᠎ᠠ ᠴᠠᠶ᠋ᠢᠷ᠎ᠤᠨ ᠠᠭᠤᠷᠬᠠᠢ ᠪᠣᠯᠤᠨ ᠰᠸᠨ ᠰᠢᠨ ᠠᠭᠤᠷᠬᠠᠢ ᠵᠢᠨ ᠦᠢ᠍ᠯᠡᠰ ᠦ᠋᠊ᠨ ᠰᠠᠨ ᠳ᠋ᠤᠤ ᠴᠢᠶᠣᠤ ᠬᠠᠷ᠎ᠠ ᠲᠤᠭᠤᠯᠭ᠎ᠠ ᠴᠠᠶ᠋ᠢᠷ᠎ᠤᠨ ᠠᠭᠤᠷᠬᠠᠢ ᠵᠢᠨ ᠦᠨᠳᠦᠰᠦᠨ ᠪᠦᠳᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ᠎ᠢ ᠯᠠᠪᠳᠠᠭᠤᠨ ᠪᠠᠲᠤᠲᠠᠢ ᠠᠬᠢᠭᠤᠯᠵᠤ᠂ ᠠᠵᠤ ᠦᠢ᠍ᠯᠡᠳᠪᠦᠷᠢ ᠵᠢᠨ ᠠᠵᠤ ᠠᠬᠤᠢ ᠵᠢᠨ ᠨᠡᠮᠡᠭᠳᠡᠯ᠎ᠳᠤ ᠪᠠᠲᠤ ᠲᠤᠯᠭ᠋ᠠᠭᠤᠷᠢᠯᠠᠯ ᠬᠠᠩᠭ᠋ᠠᠪᠠ᠃ ᠪᠥᠬᠥ ᠵᠢᠯ᠎ᠳᠤ ᠰᠢᠨ᠎ᠡ ᠵᠢ ᠡᠭᠦᠳᠦᠨ ᠰᠢᠯᠢᠳᠡᠭ᠎ᠢ ᠡᠭᠦᠳᠬᠦ ᠲᠥᠷᠥᠯ ᠵᠦᠢ᠍ᠯ᠎ᠳᠤ 2 . 3 ᠳ᠋ᠦᠩᠰᠢᠭᠤᠷ ᠲᠥᠭᠥᠷᠢᠭ ᠦ᠋᠊ᠨ ᠪᠠᠯᠠ ᠣᠷᠣᠭᠤᠯᠤᠯᠲᠠ ᠵᠢ ᠪᠡᠶᠡᠯᠡᠭᠦᠯᠵᠦ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠶᠡᠷᠦᠩᠬᠡᠶ ᠦᠢ᠍ᠯᠡᠳᠬᠦᠨ᠎ᠤ ᠥᠷᠲᠡᠭ᠎ᠢ 4 . 98 ᠳ᠋ᠦᠩᠰᠢᠭᠤᠷ ᠲᠥᠭᠥᠷᠢᠭ ᠪᠡᠶᠡᠯᠡᠭᠦᠯᠪᠡ᠃
ᠭᠤᠷᠪᠠ᠎ᠳᠤ ᠠᠮᠢ ᠠᠬᠤᠶ ᠵᠢᠨ ᠰᠠᠭᠤᠷᠢ ᠵᠢ ᠨᠠᠩ ᠃ ᠴᠢᠨᠠᠷ ᠰᠠᠶ᠋ᠢᠲᠠᠶ ᠬᠥᠭᠵᠢᠯᠲᠡ ᠪᠠ ᠥᠨᠳᠥᠷ ᠬᠢᠷᠢ ᠲᠦᠪᠰᠢᠨ ᠪᠥᠬᠥᠶ ᠬᠠᠮᠠᠭ᠋ᠠᠯᠠᠯᠲᠠ ᠵᠢ ᠬᠠᠮᠵᠢᠯᠴᠠᠭᠤᠯᠤᠨ ᠤᠷᠤᠭᠰᠢᠯᠠᠭᠤᠯᠬᠤ ᠵᠢ ᠪᠠᠷᠢᠮᠲᠠᠯᠠᠵᠤ᠂ ᠤᠯᠤᠰ᠎ᠤᠨ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠵᠢᠱ᠌ᠢᠶ᠎ᠡ ᠦᠵᠡᠭᠦᠯᠬᠦ ᠣᠷᠣᠨ᠎ᠢ ᠠᠮᠢ ᠠᠬᠤᠶ ᠣᠷᠴᠢᠨ ᠠᠬᠤᠶ ᠵᠢᠨ ᠶᠠᠮᠤᠨ᠎ᠤ ᠳᠠᠬᠢᠨ ᠬᠢᠨᠠᠵᠤ ᠦᠨᠡᠯᠡᠨ ᠵᠢᠱ᠌ᠢᠬᠦ᠎ᠪᠠᠷ ᠂ ᠠᠮᠢ ᠠᠬᠤᠶ᠎ᠳᠤ ᠰᠢᠯᠵᠢᠭᠦᠯᠦᠨ ᠥᠭᠬᠦ ᠪᠠᠯᠠ ᠮᠥᠩᠭᠥ ᠵᠢ 1 . 66 ᠳ᠋ᠦᠩᠰᠢᠭᠤᠷ ᠲᠥᠭᠥᠷᠢᠭ ᠤᠯᠬᠤ᠎ᠪᠠᠷ ᠴᠢᠷᠮᠠᠶ᠋ᠢᠨ᠎ᠠ᠃ ᠪᠦᠬᠦ ᠣᠷᠣᠨ ᠪᠦᠰᠡ ᠵᠢᠨ ᠠᠮᠢ ᠠᠬᠤᠢ ᠵᠢᠨ 《ᠲᠣᠭ᠋ᠠᠴᠢᠯᠠᠭᠰᠠᠨ ᠭᠠᠵᠠᠷ᠎ᠤᠨ ᠵᠢᠷᠤᠭ》 ᠢ ᠨᠠᠶ᠋ᠢᠷᠠᠭᠤᠯᠤᠨ ᠵᠣᠬᠢᠶᠠᠵᠤ᠂ 《ᠣᠭᠲᠠᠷᠭᠤᠢ ᠭᠠᠵᠠᠷ》 ᠢ ᠨᠢᠭᠡ ᠴᠤᠬ᠍ᠴᠠᠵᠢᠭᠤᠯᠤᠨ ᠬᠢᠨᠠᠨ ᠬᠠᠮᠢᠶᠠᠷᠬᠤ ᠲᠣᠣᠷ᠎ᠢ ᠪᠠᠶ᠋ᠢᠭᠤᠯᠵᠤ᠂ ᠠᠮᠢ ᠠᠬᠤᠢ ᠵᠢᠨ ᠵᠠᠰᠠᠯᠲᠠ ᠵᠢᠨ ᠦᠷ᠎ᠡ ᠪᠦᠲᠦᠮᠵᠢ ᠲᠣᠭᠲᠠᠭᠤᠨ ᠵᠶ᠋ᠠᠷ ᠳᠡᠭᠡᠭᠰᠢᠯᠡᠪᠡ᠃ ᠭᠣᠣᠯ ᠮᠥᠷᠡᠨ᠎ᠤ ᠳᠠᠷᠤᠭ᠎ᠠ ᠵᠢᠨ ᠳᠦᠷᠢᠮ᠂ ᠤᠢ ᠰᠢᠭᠤᠢ ᠵᠢᠨ ᠳᠠᠷᠤᠭ᠎ᠠ ᠵᠢᠨ ᠳᠦᠷᠢᠮ᠎ᠢ ᠯᠠᠪᠳᠠᠭᠤᠨ ᠪᠠᠲᠤᠲᠠᠢ ᠠᠬᠢᠭᠤᠯᠵᠤ᠂ ᠬᠦᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠵᠢ ᠬᠠᠮᠠᠭ᠋ᠠᠯᠠᠬᠤ ᠳᠠᠶ᠋ᠢᠯᠠᠯᠳᠤᠭ᠋ᠠᠨ᠎ᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠪᠦᠬᠦ ᠵᠢᠯ ᠦ᠋᠊ᠨ ᠠᠭ᠋ᠠᠷ᠎ᠤᠨ ᠰᠢᠯᠢᠳᠡᠭ ᠰᠠᠢ᠍ᠢ᠍ᠨ ᠡᠳᠦᠷ ᠦ᠋᠊ᠨ ᠲᠣᠭ᠎ᠠ ᠵᠢᠨ ᠬᠠᠷᠢᠴᠠᠯ 100 % ᠳᠤ ᠬᠦᠷᠴᠦ᠂ ᠪᠣᠬᠢᠷ ᠤᠰᠤ ᠪᠠ ᠠᠮᠢᠳᠤᠷᠠᠯ᠎ᠤᠨ ᠬᠣᠭ ᠨᠣᠪᠰᠢ ᠵᠢ ᠬᠣᠣᠷ ᠦᠭᠡᠢ᠍ᠢ᠍ᠵᠢᠬᠦᠯᠦᠨ ᠰᠢᠢ᠍ᠳᠪᠦᠷᠢᠯᠡᠬᠦ ᠨᠤᠷᠮ᠎ᠠ ᠲᠤᠰ ᠲᠤᠰ 98 . 52 % ᠪᠠ 100 % ᠳᠤ ᠬᠦᠷᠪᠡ᠃ ᠣᠶ ᠰᠢᠭᠤᠶ ᠨᠤᠲᠤᠭ ᠪᠡᠯᠴᠢᠭᠡᠷ᠎ᠢ ᠡᠪᠳᠡᠵᠦ ᠨᠤᠭᠤ ᠭᠠᠵᠠᠷ᠎ᠢ ᠰᠦᠢ᠍ᠳᠬᠡᠭᠰᠡᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠲᠥᠪᠯᠡᠷᠡᠭᠦᠯᠦᠨ ᠴᠡᠭᠴᠡᠯᠡᠨ ᠵᠠᠰᠠᠬᠤ ᠵᠢ ᠴᠢᠩᠭ᠎ᠠ ᠠᠬᠢᠭᠤᠯᠵᠤ᠂ ᠠᠮᠢ ᠠᠬᠤᠶ ᠣᠷᠴᠢᠨ ᠲᠣᠭᠣᠷᠢᠨ᠎ᠤ ᠬᠦᠷᠢᠶᠡᠨ᠎ᠳᠠᠬᠢ ᠠᠰᠠᠭᠤᠳᠠᠯ᠎ᠢ 《ᠶᠡᠬᠡ᠎ᠪᠠᠷ ᠵᠢᠭᠰᠠᠭ᠋ᠠᠨ ᠪᠠᠶ᠋ᠢᠴᠠᠭ᠋ᠠᠵᠤ ᠶᠡᠬᠡ᠎ᠪᠠᠷ ᠴᠡᠭᠴᠡᠯᠡᠨ ᠰᠠᠶ᠋ᠢᠵᠢᠷᠠᠭᠤᠯᠬᠤ》 ᠵᠢ ᠥᠷᠨᠢᠭᠦᠯᠵᠦ᠂ ᠡᠯ᠎ᠡ ᠱᠠᠲᠤᠨ᠎ᠤ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠶ᠋ᠢᠴᠠᠭ᠋ᠠᠵᠤ ᠬᠠᠷᠢᠭᠤ ᠲᠤᠰᠬᠠᠭᠰᠠᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠤᠭᠰᠠᠨ ᠨᠣᠷᠮ᠎ᠠ 96 . 5 % ᠳᠤ ᠬᠥᠷᠪᠡ᠃
ᠲᠦᠷᠪᠡ᠎ᠳᠤ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ᠎ᠳᠤ ᠠᠩᠬᠠᠷᠤᠯ ᠵᠶ᠋ᠠᠨ ᠲᠥᠪᠯᠡᠷᠡᠭᠦᠯᠦᠨ ᠬᠦᠴᠦᠯᠡᠬᠦ ᠬᠡᠷᠡᠭᠲᠡᠢ᠃ ᠤᠯᠤᠰ᠎ᠤᠨ ᠥᠮᠴᠢᠯᠡᠯ ᠦ᠋᠊ᠨ ᠠᠵᠤ ᠠᠬᠤᠶ᠋ᠢᠯᠠᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ ᠳᠡᠭᠡᠭᠰᠢᠯᠡᠭᠦᠯᠬᠦ ᠠᠵᠢᠯᠯᠠᠭ᠎ᠠ ᠲᠡᠭᠦᠰ ᠠᠮᠵᠢᠯᠲᠠ᠎ᠲᠠᠢ ᠃ 《ᠬᠣᠶᠠᠷ᠎ᠢ ᠬᠤᠪᠢᠷᠠᠭᠤᠯᠬᠤ》 ᠵᠢ ᠭᠦᠨᠵᠡᠭᠡᠢ ᠠᠬᠢᠭᠤᠯᠵᠤ᠂ ᠨᠥᠭᠡᠴᠡᠯᠡᠵᠦ ᠪᠠᠢ᠍ᠭ᠎ᠠ ᠰᠤᠯᠠ ᠬᠥᠷᠥᠩᠭᠡ 20 ᠲᠥᠷᠥᠯ ᠵᠦᠢ᠍ᠯ᠎ᠢ ᠠᠮᠢᠳᠤᠯᠢᠭ ᠪᠣᠯᠭ᠋ᠠᠪᠠ᠃ ᠪᠠᠷᠢᠯᠭ᠎ᠠ ᠵᠢᠨ ᠬᠢᠨᠠᠨ ᠵᠥᠪᠰᠢᠶᠡᠷᠡᠬᠦ ᠳᠦᠷᠢᠮ ᠦ᠋᠊ᠨ ᠥᠭᠡᠷᠡᠴᠢᠯᠡᠯᠲᠡ ᠵᠢ ᠲᠦᠷᠭᠡᠳᠬᠡᠨ ᠠᠬᠢᠭᠤᠯᠵᠤ᠂ ᠪᠠᠷᠢᠯᠭ᠎ᠠ ᠪᠠᠷᠢᠬᠤ ᠵᠥᠪᠰᠢᠶᠡᠷᠡᠯ ᠦ᠋᠊ᠨ ᠮᠡᠳᠡᠭᠦᠯᠦᠨ ᠪᠠᠶ᠋ᠢᠭᠤᠯᠬᠤ ᠴᠠᠭ᠎ᠢ 2 ᠠᠵᠢᠯᠯᠠᠬᠤ ᠡᠳᠦᠷ ᠪᠣᠯᠲᠠᠯ᠎ᠠ ᠪᠣᠭᠣᠨᠢᠰᠬᠠᠪᠠ᠃ 《ᠭᠤᠷᠪᠠ ᠵᠢ ᠨᠢᠭᠡ ᠴᠤᠭᠴᠠᠵᠢᠭᠤᠯᠬᠤ》 ᠶᠡᠷᠦᠩᠬᠡᠶ᠋ᠢᠯᠡᠭᠰᠡᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢ ᠰᠢᠶᠠᠩ ᠪᠠᠯᠭ᠋ᠠᠰᠤ᠎ᠳᠤ ᠨᠡᠶ᠋ᠢᠳᠡᠮ ᠬᠡᠷᠡᠭᠵᠢᠭᠦᠯᠦᠨ᠎ᠡ᠃ 《ᠨᠢᠭᠡ ᠤᠴᠢᠷ᠎ᠢ ᠥᠨᠳᠥᠷ ᠪᠦᠲᠦᠮᠵᠢᠲᠡᠶ ᠭᠦᠢ᠍ᠴᠡᠳᠬᠡᠬᠦ》 ᠨᠢ ᠨᠡᠶ᠋ᠢᠲᠡ 3263 ᠬᠤᠪᠢ ᠭᠦᠢ᠍ᠴᠡᠳᠬᠡᠵᠦ᠂ ᠪᠥᠬᠥ ᠶᠠᠪᠤᠴᠠ᠎ᠳᠤ ᠰᠦᠯᠵᠢᠶ᠎ᠡ᠎ᠪᠠᠷ ᠭᠦᠢ᠍ᠴᠡᠳᠬᠡᠭᠰᠡᠨ ᠨᠣᠷᠮ᠎ᠠ 88 . 22 % ᠳᠤ ᠬᠥᠷᠪᠡ᠃ 《12345》 ᠦᠢ᠍ᠯᠡᠴᠢᠯᠡᠭᠡᠨ᠎ᠤ ᠬᠠᠯᠠᠮᠰᠢᠯ ᠤᠲᠠᠰᠤ ᠵᠢ 3786 ᠬᠤᠪᠢ ᠬᠦᠯᠢᠶᠡᠨ ᠠᠪᠴᠤ ᠰᠢᠢ᠍ᠳᠪᠦᠷᠢᠯᠡᠨ᠂ ᠭᠦᠢ᠍ᠴᠡᠳᠬᠡᠵᠦ ᠳᠠᠭᠤᠰᠬᠠᠭᠰᠠᠨ ᠨᠣᠷᠮ᠎ᠠ 97 . 89 % ᠳᠤ ᠬᠦᠷᠪᠡ᠃ ᠳᠤᠮᠳᠠᠳᠤ ᠣᠷᠣᠰ᠎ᠤᠨ ᠵᠠᠯᠠᠭᠤᠴᠤᠳ ᠪᠠᠭ᠋ᠠᠴᠤᠳ᠎ᠤᠨ ᠤᠳᠬ᠎ᠠ ᠤᠷᠠᠯᠢᠭ᠎ᠤᠨ ᠰᠣᠯᠢᠯᠴᠠᠭ᠋ᠠᠨ᠎ᠤ ᠠᠵᠢᠯᠯᠠᠭ᠎ᠠ ᠵᠢ ᠠᠮᠵᠢᠯᠲᠠ᠎ᠲᠠᠢ ᠡᠷᠬᠢᠯᠡᠵᠦ᠂ ᠣᠷᠣᠰ᠎ᠤᠨ ᠶᠠᠺᠦᠢ᠍ᠼᠺ ᠬᠣᠲᠠ᠎ᠯᠤᠭ᠎ᠠ ᠣᠯᠠᠨ ᠵᠦᠢ᠍ᠯ ᠦ᠋᠊ᠨ ᠬᠠᠮᠲᠤᠷᠠᠨ ᠠᠵᠢᠯᠯᠠᠬᠤ ᠬᠠᠮᠲᠤ ᠵᠢᠨ ᠲᠠᠨᠢᠯᠲᠠ᠎ᠲᠠᠢ ᠪᠣᠯᠵᠤ᠂ ᠭᠠᠳᠠᠭ᠋ᠠᠳᠤ᠎ᠲᠠᠢ ᠬᠠᠮᠲᠤᠷᠠᠨ ᠠᠵᠢᠯᠯᠠᠬᠤ ᠪᠠᠶ᠋ᠢᠷᠢᠰᠢᠯ ᠲᠠᠰᠤᠷᠠᠯᠲᠠ ᠤᠢ᠍ᠭᠡᠢ ᠥᠷᠭᠡᠵᠢᠪᠡ᠃
ᠲᠠᠪᠤ ᠬᠣᠲᠠ ᠪᠠᠯᠭ᠋ᠠᠰᠤᠨ᠎ᠤ ᠴᠢᠨᠠᠷ ᠴᠢᠨᠰᠠᠭ᠎ᠠ ᠵᠢ ᠪᠦᠬᠦ ᠲᠠᠯ᠎ᠠ᠎ᠪᠠᠷ ᠳᠡᠭᠡᠭᠰᠢᠯᠡᠭᠦᠯᠪᠡ᠃ ᠬᠣᠲᠠ ᠵᠢ ᠰᠢᠨᠡᠳᠬᠡᠬᠦ ᠠᠵᠢᠯᠯᠠᠭ᠎ᠠ ᠵᠢ ᠬᠡᠷᠡᠭᠵᠢᠭᠦᠯᠵᠦ᠂ ᠤᠰᠤ ᠬᠠᠩᠭ᠋ᠠᠬᠤ ᠢᠯᠴᠢ ᠬᠠᠩᠭ᠋ᠠᠬᠤ ᠬᠣᠭᠣᠯᠠᠢ ᠲᠣᠣᠷ 17 ᠺᠢᠯᠣᠮᠧᠲᠷ ᠥᠭᠡᠷᠡᠴᠢᠯᠡᠵᠦ᠂ ᠰᠠᠭᠤᠭ᠋ᠠᠯᠢ ᠠᠷᠠᠳ᠎ᠤᠨ ᠠᠰᠠᠷ᠎ᠢ 29 . 48 ᠺᠢᠯᠣᠮᠧᠲᠷ ᠪᠣᠰᠣᠭ᠎ᠠ᠎ᠪᠠᠷ ᠂ ᠰᠦᠩ ᠯᠢᠨ ᠵᠡᠭᠡᠯᠢ ᠭᠤᠳᠤᠮᠵᠢ ᠵᠢᠨ ᠪᠦᠲᠦᠭᠡᠨ ᠪᠠᠶ᠋ᠢᠭᠤᠯᠤᠯᠲᠠ᠂ ᠭᠤᠸᠠᠩ ᠮᠢᠩ ᠵᠡᠭᠡᠯᠢ ᠵᠢᠨ ᠵᠠᠮ ᠰᠡᠯᠪᠢᠨ ᠵᠠᠰᠠᠬᠤ᠂ ᠣᠯᠭᠣᠶᠠ ᠦᠵᠡᠮᠵᠢ ᠵᠢᠨ ᠣᠷᠣᠨ᠎ᠤ ᠣᠷᠣᠬᠤ ᠡᠭᠦᠳᠡ ᠵᠢᠨ ᠪᠠᠶ᠋ᠢᠰᠢᠩ ᠭᠡᠷ ᠦ᠋᠊ᠨ ᠲᠣᠭᠣᠷᠢᠭ ᠵᠢᠴᠢ ᠲᠡᠮᠦᠷ ᠵᠠᠮ᠎ᠤᠨ 《ᠭᠤᠷᠪᠠᠨ ᠬᠠᠩᠭ᠋ᠠᠯᠭ᠎ᠠ ᠨᠢᠭᠡ ᠦᠢ᠍ᠯᠡᠰ》 ᠦ᠋᠊ᠨ ᠥᠭᠡᠷᠡᠴᠢᠯᠡᠯᠲᠡ᠎ᠳᠤ ᠰᠢᠯᠵᠢᠭᠦᠯᠦᠨ ᠲᠤᠰᠢᠶᠠᠬᠤ ᠢᠨᠵᠧᠨᠧᠷᠢᠩ᠎ᠢ ᠪᠡᠶᠡᠯᠡᠭᠦᠯᠪᠡ᠃ 12 ᠲᠦᠮᠡᠨ ᠰᠠᠭᠤᠷᠢ ᠦᠵᠡᠮᠵᠢ ᠵᠢᠨ ᠴᠡᠴᠡᠭ ᠳᠠᠷᠢᠵᠤ᠂ 6 . 24 ᠲᠦᠮᠡᠨ ᠰᠠᠭᠤᠷᠢ ᠠᠯᠪᠠᠨ ᠵᠢᠷᠤᠮ᠎ᠤᠨ ᠮᠣᠳᠣ ᠳᠠᠷᠢᠵᠤ᠂ ᠪᠠᠶ᠋ᠢᠭᠤᠯᠤᠭᠰᠠᠨ ᠲᠣᠭᠣᠷᠢᠭ᠎ᠤᠨ ᠨᠣᠭᠣᠭ᠋ᠠᠷᠠᠭᠤᠯᠤᠯᠲᠠ ᠵᠢᠨ ᠲᠠᠯᠠᠪᠠᠶ 347 . 11 ᠾᠧᠺᠲ᠋ᠠᠷ᠎ᠲᠤ ᠬᠦᠷᠴᠦ᠂ ᠪᠦᠷᠬᠦᠴᠡ ᠵᠢᠨ ᠨᠣᠷᠮ᠎ᠠ 39 . 9 % ᠳᠤ ᠬᠦᠷᠴᠦ᠂ ᠬᠣᠲᠠ ᠵᠢᠨ ᠳᠦᠷᠰᠦ ᠪᠠᠶ᠋ᠢᠳᠠᠯ ᠴᠣ᠌ ᠰᠢᠨ᠎ᠡ ᠪᠣᠯᠪᠠ᠃ ᠠᠴᠠ ᠳᠠᠯᠳᠠᠤ ᠰᠠᠭᠤᠷᠢᠨ ᠭᠠᠵᠠᠷ᠎ᠤᠨ ᠠᠷᠠᠴᠢᠯᠠᠨ ᠬᠠᠮᠠᠭ᠋ᠠᠯᠠᠬᠤ ᠢᠨᠵᠧᠨᠧᠷᠢᠩ ᠪᠠᠷᠢᠯᠭ᠎ᠠ ᠳᠠᠭᠤᠰᠴᠤ ᠲᠡᠷᠭᠡ ᠨᠡᠪᠲᠡᠷᠡᠵᠦ᠂ ᠮᠤᠵᠢ ᠵᠢᠨ ᠵᠠᠮ᠎ᠤᠨ 302 ᠱᠤᠭᠤᠮ᠎ᠤᠨ ᠠᠷᠠᠴᠢᠯᠠᠨ ᠬᠠᠮᠠᠭ᠋ᠠᠯᠠᠬᠤ ᠢᠨᠵᠧᠨᠧᠷᠢᠩ ᠭᠡᠭᠡᠨ ᠭᠤᠤᠯ᠎ᠤᠨ ᠬᠡᠰᠡᠭ᠂ ᠵᠢᠨ ᠾᠧ᠎ᠠᠴᠠ ᠮᠣᠷᠳᠠᠭ᠎ᠠ ᠬᠦᠷᠬᠦ ᠵᠠᠰᠠᠮᠠᠯ ᠵᠠᠮ᠂ X 313 ᠠᠴᠠ ᠪᠢᠯᠢᠶᠠ ᠬᠦᠷᠬᠦ ᠵᠠᠰᠠᠮᠠᠯ ᠵᠠᠮ᠎ᠤᠨ ᠢᠨᠵᠧᠨᠧᠷᠢᠩ ᠡᠮᠬᠢ ᠵᠢᠷᠤᠮ᠎ᠲᠠᠢ᠎ᠪᠠᠷ ᠂ ᠰᠠᠭᠤᠭ᠋ᠠᠯᠢ ᠠᠷᠠᠳ᠎ᠤᠨ ᠶᠠᠪᠤᠵᠤ ᠰᠠᠭᠤᠬᠤ ᠨᠥᠬᠥᠴᠡᠯ ᠦᠷᠭᠦᠯᠵᠢᠯᠡᠨ ᠰᠠᠶ᠋ᠢᠵᠢᠷᠠᠪᠠ᠃
ᠵᠢᠷᠭᠤᠭ᠎ᠠ᠎ᠳᠤ ᠨᠡᠶ᠋ᠢᠭᠡᠮ ᠦ᠋᠊ᠨ ᠦᠢ᠍ᠯᠡᠰ᠎ᠢ ᠵᠣᠬᠢᠴᠠᠩᠭᠤᠢ᠎ᠪᠠᠷ ᠬᠥᠭᠵᠢᠭᠦᠯᠪᠡ᠃ ᠠᠷᠠᠳ᠎ᠤᠨ ᠠᠮᠢᠳᠤᠷᠠᠯ᠎ᠤᠨ ᠬᠦᠷᠢᠶᠡᠨ᠎ᠳᠠᠬᠢ ᠵᠠᠷᠤᠯᠭ᠎ᠠ 11 . 56 ᠳ᠋ᠦᠩᠰᠢᠭᠤᠷ ᠲᠥᠭᠥᠷᠢᠭ᠎ᠲᠤ ᠬᠦᠷᠴᠦ᠂ ᠡᠩ ᠦ᠋᠊ᠨ ᠣᠯᠠᠨ ᠨᠡᠶ᠋ᠢᠲᠡ ᠵᠢᠨ ᠲᠥᠰᠦᠪ ᠦ᠋᠊ᠨ ᠵᠠᠷᠤᠯᠭ᠎ᠠ ᠵᠢᠨ 68 . 59 % ᠵᠢ ᠡᠵᠡᠯᠡᠪᠡ᠃ ᠬᠣᠲᠠ ᠪᠠᠯᠭ᠋ᠠᠰᠤᠨ᠎ᠤ 1508 ᠬᠥᠮᠦᠨ᠎ᠳᠤ ᠰᠢᠨ᠎ᠡ᠎ᠪᠠᠷ ᠠᠵᠢᠯ ᠣᠯᠭᠣᠪᠠ᠃ ᠣᠨᠴᠠ ᠬᠦᠴᠢᠷᠳᠡᠯᠲᠡᠶ ᠬᠥᠮᠦᠰ ᠦ᠋᠊ᠨ ᠪᠥᠬᠥ ᠴᠢᠳᠠᠪᠤᠷᠢ᠎ᠪᠠᠨ ᠠᠯᠳᠠᠭᠰᠠᠨ᠂ ᠬᠠᠭ᠋ᠠᠰ ᠠᠯᠳᠠᠭᠰᠠᠨ ᠰᠤᠪᠢᠯᠠᠯᠲᠠ ᠵᠢᠨ ᠪᠠᠷᠢᠮᠵᠢᠶ᠎ᠠ ᠵᠢ ᠲᠣᠰ ᠲᠣᠰ 1433 ᠲᠥᠭᠥᠷᠢᠭ / ᠰᠠᠷ᠎ᠠ ᠪᠠ 551 ᠲᠥᠭᠥᠷᠢᠭ / ᠰᠠᠷ᠎ᠠ ᠪᠣᠯᠭ᠋ᠠᠨ ᠳᠡᠭᠡᠭᠰᠢᠯᠡᠭᠦᠯᠵᠦ᠂ ᠥᠨᠥᠴᠢᠨ ᠬᠡᠦᠬᠡᠳ ᠪᠠ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠬᠡᠦᠬᠡᠳ ᠦ᠋᠊ᠨ ᠪᠠᠲᠤᠯᠠᠭ᠎ᠠ ᠵᠢᠨ ᠪᠠᠷᠢᠮᠵᠢᠶ᠎ᠠ ᠵᠢ 1913 ᠲᠥᠭᠥᠷᠢᠭ / ᠰᠠᠷ᠎ᠠ ᠪᠣᠯᠭ᠋ᠠᠨ ᠳᠡᠭᠡᠭᠰᠢᠯᠡᠭᠦᠯᠪᠡ᠃ ᠪᠦᠬᠦ ᠬᠣᠲᠠ ᠵᠢᠨ 401 ᠭᠡᠷ᠎ᠲᠡᠭᠡᠨ ᠬᠣᠴᠣᠷᠤᠭᠰᠠᠨ ᠬᠡᠦᠬᠡᠳ᠂ ᠨᠡᠭᠦᠳᠡᠯ ᠬᠡᠦᠬᠡᠳ᠎ᠢ ᠪᠦᠬᠦᠨ᠎ᠢ 《ᠪᠦᠬᠦ ᠤᠯᠤᠰ ᠬᠡᠦᠬᠡᠳ ᠦ᠋᠊ᠨ ᠠᠰᠠᠷᠠᠮᠵᠢ ᠵᠢᠨ ᠮᠡᠳᠡᠭᠡ ᠵᠠᠩᠭᠢ ᠵᠢᠨ ᠰᠢᠰᠲ᠋ᠧᠮ》 ᠳᠤ ᠣᠷᠣᠭᠤᠯᠵᠤ᠂ ᠬᠥᠳᠡᠯᠦᠩᠭᠦᠢ ᠨᠠᠷᠢᠯᠢᠭ ᠬᠠᠮᠢᠶᠠᠷᠤᠯᠲᠠ ᠵᠢ ᠪᠡᠶᠡᠯᠡᠭᠦᠯᠪᠡ᠃ ᠰᠢᠨ᠎ᠡ᠎ᠪᠠᠷ ᠪᠠᠶ᠋ᠢᠭᠤᠯᠤᠭᠰᠠᠨ ᠣᠷᠣᠰᠢᠭᠤᠯᠭ᠎ᠠ ᠵᠢᠨ ᠭᠠᠵᠠᠷ᠎ᠤᠨ ᠲᠥᠷᠥᠯ ᠵᠦᠢ᠍ᠯ ᠤᠷᠤᠭᠰᠢᠲᠠᠶ ᠪᠡᠶᠡᠯᠡᠭᠳᠡᠪᠡ᠃ ᠰᠢᠶᠠᠨ᠎ᠤ ᠬᠡᠪᠴᠢᠶᠡᠨ᠎ᠤ ᠨᠢᠭᠲᠠᠷᠬᠠᠰᠠᠨ ᠡᠮᠴᠢᠯᠡᠭᠡᠨ᠎ᠤ ᠬᠠᠮᠲᠤ ᠵᠢᠨ ᠴᠣᠭᠴᠠ ᠵᠢᠨ ᠱᠠᠲᠤ ᠬᠤᠪᠢᠶᠠᠨ ᠣᠨᠣᠰᠢᠯᠠᠨ ᠡᠮᠨᠡᠬᠦ ᠰᠢᠰᠲ᠋ᠧᠮᠵᠢ ᠵᠢ ᠦᠷᠭᠦᠯᠵᠢᠯᠡᠨ ᠲᠡᠭᠦᠯᠳᠡᠷᠵᠢᠭᠦᠯᠵᠦ᠂ ᠡᠪᠡᠳᠴᠢᠨ ᠦᠵᠡᠭᠦᠯᠬᠦ ᠰᠢᠨ᠎ᠡ ᠪᠠᠶ᠋ᠢᠷᠢᠰᠢᠯ᠎ᠢ ᠲᠦᠷᠭᠡᠳᠬᠡᠨ ᠪᠠᠶ᠋ᠢᠭᠤᠯᠤᠨ᠎ᠠ᠃ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠶᠠᠰᠤ ᠴᠢᠨᠠᠷ ᠲᠣᠭᠲᠠᠭᠤᠨ ᠵᠶ᠋ᠠᠷ ᠳᠡᠭᠡᠭᠰᠢᠯᠡᠵᠦ᠂ ᠣᠨᠴᠠ ᠡᠵᠡᠮᠳᠡᠬᠦ ᠱᠤᠭᠤᠮ᠂ ᠵᠢᠩᠬᠢᠨᠢ ᠠᠩᠭᠢ ᠵᠢᠨ ᠰᠦᠯᠵᠢᠶᠡᠨ᠎ᠳᠤ ᠭᠠᠷᠬᠤ ᠨᠣᠷᠮ᠎ᠠ ᠬᠥᠯᠥᠨ ᠪᠣᠶ᠋ᠢᠷ ᠬᠣᠲᠠ ᠵᠢᠨ ᠨᠢᠭᠡᠳᠦᠭᠡᠷ ᠡᠩᠨᠡᠭᠡᠨ᠎ᠳᠤ ᠯᠠᠪᠳᠠᠭᠤᠨ ᠣᠷᠣᠪᠠ᠃ ᠰᠣᠶᠣᠯ᠎ᠤᠨ ᠦᠢ᠍ᠯᠡᠰ ᠴᠡᠴᠡᠭᠯᠡᠨ ᠬᠥᠭᠵᠢᠵᠦ᠂ ᠪᠥᠬᠥ ᠵᠢᠯ᠎ᠳᠤ ᠡᠯ᠎ᠡ ᠲᠥᠷᠥᠯ ᠦ᠋᠊ᠨ ᠠᠷᠠᠳ᠎ᠲᠤ ᠠᠰᠢᠭ ᠬᠦᠷᠲᠡᠭᠡᠬᠦ ᠰᠣᠶᠣᠯ᠎ᠤᠨ ᠠᠵᠢᠯᠯᠠᠭ᠎ᠠ ᠵᠢ 1000 ᠭᠠᠷᠤᠶ ᠤᠳᠠᠭ᠎ᠠ ᠥᠷᠨᠢᠭᠦᠯᠵᠦ᠂ ᠤᠯᠤᠰ᠎ᠤᠨ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ ᠦ᠋᠊ᠨ ᠲᠥᠯᠥᠭᠡᠯᠡᠬᠦ ᠴᠢᠨᠠᠷᠲᠠᠶ ᠵᠠᠯᠭ᠋ᠠᠮᠵᠢᠯᠠᠭᠴᠢ 1 ᠬᠥᠮᠦᠨ ᠰᠢᠨ᠎ᠡ᠎ᠪᠠᠷ ᠨᠡᠮᠡᠭᠳᠡᠵᠦ᠂ ᠪᠠᠷᠢᠮᠲᠠᠲᠤ ᠺᠢᠨᠣ᠋ 《ᠭᠦᠶᠦᠬᠦ》 ᠨᠢ ᠱᠠᠩᠬᠠᠶ ᠵᠢᠨ ᠲᠧᠯᠸᠢᠰ ᠦ᠋᠊ᠨ ᠪᠠᠶ ᠢᠦᠶ ᠯᠠᠨ ᠱᠠᠩᠨᠠᠯ᠎ᠳᠤ ᠰᠣᠩᠭᠣᠭᠳᠠᠵᠤ᠂ ᠬᠡᠭᠡᠨ ᠭᠤᠤᠯ ᠬᠣᠲᠠ ᠭᠤᠷᠪᠠᠨ ᠵᠢᠯ ᠳᠠᠷᠠᠭ᠋ᠠᠯᠠᠨ ᠪᠥᠬᠥ ᠤᠯᠤᠰ᠎ᠤᠨ ᠡᠪᠦᠯ ᠦ᠋᠊ᠨ ᠤᠯᠠᠷᠢᠯ᠎ᠤᠨ 《ᠲᠣᠰᠬᠣᠨ ᠣᠷᠣᠶ》 ᠵᠢᠨ ᠵᠢᠱ᠌ᠢᠶ᠎ᠡ ᠦᠵᠡᠭᠦᠯᠬᠦ ᠴᠡᠭ ᠦ᠋᠊ᠨ ᠨᠡᠷᠡᠰ᠎ᠲᠤ ᠰᠣᠩᠭᠣᠭᠳᠠᠪᠠ᠃ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠥᠯᠥᠪᠯᠡᠨ᠂ ᠪᠦᠬᠦ ᠵᠢᠯ ᠦ᠋᠊ᠨ ᠡᠷᠡᠭᠦᠦ ᠵᠢᠨ ᠬᠡᠷᠡᠭ᠂ ᠠᠮᠤᠷ᠎ᠢ ᠬᠠᠮᠠᠭ᠋ᠠᠯᠠᠬᠤ ᠬᠡᠷᠡᠭ ᠦ᠋᠊ᠨ ᠬᠡᠷᠡᠭ ᠪᠣᠯᠭ᠋ᠠᠨ ᠳᠠᠩᠰᠠᠯᠠᠭᠰᠠᠨ ᠲᠣᠭ᠎ᠠ ᠲᠤᠰ ᠲᠤᠰ 18 . 56 % ᠪᠠ 23 . 72 % ᠵᠢᠡᠷ ᠪᠠᠭᠤᠷᠠᠵᠤ᠂ ᠴᠠᠬᠢᠯᠭ᠋ᠠᠨ ᠵᠶ᠋ᠠᠷ ᠮᠡᠬᠡᠯᠡᠭᠰᠡᠨ ᠬᠡᠷᠡᠭ ᠦ᠋᠊ᠨ ᠬᠡᠷᠡᠭ ᠡᠭᠦᠰᠬᠦ ᠬᠠᠨᠳᠤᠰᠢ ᠵᠢ ᠪᠦᠲᠦᠮᠵᠢᠲᠡᠢ᠎ᠪᠠᠷ ᠬᠠᠮᠢᠶᠠᠷᠤᠨ ᠃ ᠨᠡᠯᠢᠶᠡᠳ ᠶᠡᠬᠡ ᠠᠶᠤᠯᠭᠦᠶ ᠦᠢ᠍ᠯᠡᠳᠪᠦᠷᠢᠯᠡᠯ ᠦ᠋᠊ᠨ ᠡᠨᠳᠡᠯ ᠭᠠᠷᠤᠭᠰᠠᠨ ᠥᠬᠡᠶ᠃
ᠲᠥᠯᠥᠭᠡᠯᠡᠭᠴᠢᠳ ᠡ! ᠡᠳᠡᠭᠡᠷ ᠠᠮᠵᠢᠯᠲᠠ ᠵᠢ ᠬᠢᠯᠪᠠᠷ ᠪᠤᠰᠤ᠎ᠪᠠᠷ ᠣᠯᠤᠭᠰᠠᠨ ᠶᠤᠮ᠂ ᠦᠨᠳᠦᠰᠦ᠎ᠨᠢ ᠬᠣᠲᠠ ᠵᠢᠨ ᠨᠠᠮ᠎ᠤᠨ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ᠂ ᠬᠣᠲᠠ ᠵᠢᠨ ᠠᠷᠠᠳ᠎ᠤᠨ ᠲᠥᠯᠥᠭᠡᠯᠡᠭᠴᠢᠳ ᠦ᠋᠊ᠨ ᠶᠡᠬᠡ ᠬᠤᠷᠠᠯ᠂ ᠬᠣᠲᠠ ᠵᠢᠨ ᠤᠯᠤᠰ ᠲᠥᠷᠦ ᠵᠢᠨ ᠵᠥᠪᠯᠡᠯᠭᠡᠨ᠎ᠤ ᠬᠦᠴᠦᠲᠡᠢ ᠬᠢᠨᠠᠯᠲᠠ᠂ ᠨᠡᠢ᠍ᠭᠡᠮ ᠦ᠋᠊ᠨ ᠡᠯ᠎ᠡ ᠡᠲᠡᠭᠡᠳ ᠦ᠋᠊ᠨ ᠬᠦᠴᠦᠲᠡᠢ ᠳᠡᠮᠵᠢᠯᠭᠡ᠎ᠳᠤ ᠪᠠᠢ᠍ᠨ᠎ᠠ᠃ ᠡᠨᠳᠡ ᠪᠢ ᠬᠣᠲᠠ ᠵᠢᠨ ᠠᠷᠠᠳ᠎ᠤᠨ ᠵᠠᠰᠠᠭ ᠣᠷᠳᠣᠨ᠎ᠤ ᠡᠮᠦᠨ᠎ᠡ᠎ᠠᠴᠠ ᠲᠥᠯᠥᠭᠡᠯᠡᠭᠴᠢᠳ᠂ ᠭᠡᠰᠢᠭᠦᠳ ᠪᠣᠯᠤᠨ ᠪᠦᠬᠦ ᠬᠣᠲᠠ ᠵᠢᠨ ᠦᠨᠳᠦᠰᠦᠲᠡᠨ᠎ᠨᠦᠭᠦᠳ ᠦ᠋᠊ᠨ ᠠᠷᠠᠳ ᠲᠦᠮᠡᠨ᠂ ᠭᠡᠭᠡᠨ ᠭᠣᠣᠯ ᠪᠦᠲᠦᠭᠡᠨ ᠪᠠᠶ᠋ᠢᠭᠤᠯᠤᠯᠲᠠ ᠬᠢᠭᠡᠳ ᠬᠥᠭᠵᠢᠯᠲᠡ ᠵᠢ ᠬᠠᠯᠠᠮᠵᠢᠯᠠᠨ ᠳᠡᠮᠵᠢᠭᠰᠡᠨ ᠪᠤᠢ ᠪᠦᠬᠦᠢ ᠨᠥᠬᠥᠳ᠂ ᠨᠠᠶ᠋ᠢᠵᠠ ᠨᠠᠷ᠎ᠲᠤ ᠡᠷᠬᠢᠮ ᠬᠦᠨᠳᠦᠳᠬᠡᠯ ᠪᠠ ᠴᠢᠩ ᠰᠡᠳᠬᠢᠯ ᠦ᠋᠊ᠨ ᠲᠠᠯᠠᠷᠬᠠᠯ ᠵᠶ᠋ᠠᠨ ᠳᠡᠪᠰᠢᠭᠦᠯᠦᠶ᠎ᠡ!
ᠠᠮᠵᠢᠯᠲᠠ᠎ᠪᠠᠨ ᠬᠠᠷᠠᠬᠤ ᠵᠢᠨ ᠬᠠᠮᠲᠤ᠂ ᠰᠢᠨ᠎ᠡ ᠬᠥᠭᠵᠢᠯᠲᠡ ᠵᠢᠨ ᠱᠠᠲᠤ ᠣᠶ᠋ᠢᠶ᠎ᠠ᠎ᠳᠤ᠂ ᠮᠠᠨ᠎ᠤ ᠬᠣᠲᠠ ᠵᠢᠨ ᠠᠵᠤ ᠠᠬᠤᠢ ᠨᠡᠶ᠋ᠢᠭᠡᠮ ᠦ᠋᠊ᠨ ᠬᠥᠭᠵᠢᠯᠲᠡ᠎ᠳᠤ ᠪᠠᠰᠠ ᠮᠠᠰᠢ ᠣᠯᠠᠨ ᠬᠦᠴᠢᠷᠳᠡᠯ ᠪᠠ ᠥᠷᠢᠰᠥᠯᠳᠦᠭᠡᠨ ᠲᠤᠯᠭ᠋ᠠᠷᠠᠵᠤ ᠪᠠᠶ᠋ᠢᠬᠤ ᠵᠢ ᠪᠢᠳᠡ ᠰᠡᠷᠭᠡᠭ ᠵᠶ᠋ᠡᠷ ᠲᠠᠨᠢᠵᠤ ᠣᠯᠪᠠ᠃ ᠴᠢᠨᠠᠷ ᠰᠠᠶ᠋ᠢᠲᠠᠶ ᠬᠥᠭᠵᠢᠯᠲᠡ ᠵᠢᠨ ᠰᠠᠭᠤᠷᠢ ᠪᠠᠰᠠ ᠪᠠᠲᠤ ᠪᠠᠬᠢ ᠪᠢᠰᠢ᠂ ᠠᠵᠤ ᠠᠬᠤᠶ ᠵᠢᠨ ᠶᠡᠷᠦᠩᠬᠡᠶ ᠬᠡᠮᠵᠢᠶ᠎ᠡ ᠪᠠᠭ᠎ᠠ᠂ ᠶᠠᠰᠤ ᠴᠢᠨᠠᠷ ᠦᠷ᠎ᠡ ᠠᠰᠢᠭ ᠥᠨᠳᠥᠷ ᠪᠢᠰᠢ᠂ ᠬᠥᠭᠵᠢᠯᠲᠡ ᠲᠡᠩᠴᠡᠭᠦᠷᠢ ᠥᠬᠡᠶ ᠭᠦᠢ᠍ᠴᠡᠳ ᠥᠬᠡᠶ ᠪᠠᠶ᠋ᠢᠬᠤ ᠠᠰᠠᠭᠤᠳᠠᠯ ᠮᠥᠨ ᠬᠦ᠌ ᠲᠣᠪᠣᠶ᠋ᠢᠮ᠎ᠠ ᠪᠠᠶ᠋ᠢᠨ᠎ᠠ; ᠠᠵᠤ ᠦᠢ᠍ᠯᠡᠰ ᠦ᠋᠊ᠨ ᠪᠦᠲᠦᠴᠡ ᠲᠡᠶ᠋ᠢᠮᠦ ᠰᠢᠯᠢᠳᠡᠭᠵᠢᠭᠡᠳᠦᠢ᠂ ᠰᠢᠨ᠎ᠡ ᠬᠥᠳᠡᠯᠭᠡᠬᠦ ᠡᠨᠧᠷᠭᠢ ᠶᠡᠷᠦᠩᠬᠡᠢ᠎ᠳᠡᠭᠡᠨ ᠪᠣᠶ᠋ᠢᠵᠢᠭᠤᠯᠬᠤ ᠱᠠᠲᠤᠨ᠎ᠳᠤ ᠣᠷᠣᠰᠢᠵᠤ᠂ ᠬᠡᠯᠪᠡᠷᠢ᠎ᠪᠠᠨ ᠬᠤᠪᠢᠷᠠᠭᠤᠯᠤᠨ ᠬᠥᠭᠵᠢᠭᠦᠯᠬᠦ ᠡᠭᠦᠷᠭᠡ ᠬᠦᠨᠳᠦ ᠵᠠᠮ ᠬᠤᠯᠠ ᠪᠠᠶ᠋ᠢᠨ᠎ᠠ; ᠬᠡᠰᠡᠭ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠦᠷᠢᠶᠡᠨ᠎ᠳᠤ ᠮᠥᠨ ᠯᠡ ᠳᠤᠲᠠᠭᠤᠳᠠᠯ ᠪᠠ ᠪᠠᠭᠤᠷᠠᠢ ᠲᠠᠯ᠎ᠠ ᠣᠷᠣᠰᠢᠵᠤ᠂ ᠠᠷᠠᠳ᠎ᠤᠨ ᠠᠮᠢᠳᠤᠷᠠᠯ᠎ᠤᠨ ᠦᠢ᠍ᠯᠡᠰ᠎ᠨᠢ ᠣᠯᠠᠨ ᠲᠦᠮᠡᠨ᠎ᠤ ᠬᠦᠰᠡᠯ ᠡᠷᠡᠮᠡᠯᠵᠡᠯ᠎ᠠᠴᠠ ᠪᠠᠰᠠ ᠵᠣᠬᠢᠬᠤ ᠲᠠᠢ ᠪᠠᠶ᠋ᠢᠨ᠎ᠠ; ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠦᠷᠭᠦᠯᠵᠢᠯᠡᠨ ᠰᠠᠶ᠋ᠢᠵᠢᠷᠠᠭᠤᠯᠬᠤ ᠴᠢᠬᠤᠯᠠᠲᠠᠢ᠂ ᠵᠠᠰᠠᠭ᠎ᠤᠨ ᠣᠷᠳᠣᠨ᠎ᠤ ᠡᠭᠦᠷᠭᠡ ᠴᠢᠳᠠᠪᠬᠢ ᠵᠢ ᠬᠤᠪᠢᠷᠠᠭᠤᠯᠬᠤ ᠴᠢᠬᠤᠯᠠᠲᠠᠢ᠂ ᠰᠢᠨ᠎ᠡ ᠪᠠᠶ᠋ᠢᠳᠠᠯ ᠰᠢᠨ᠎ᠡ ᠡᠭᠦᠷᠭᠡ ᠰᠢᠨ᠎ᠡ ᠱᠠᠭ᠋ᠠᠷᠳᠠᠯᠭ᠎ᠠ᠎ᠳᠤ ᠵᠣᠬᠢᠴᠠᠬᠤ ᠴᠢᠳᠠᠪᠤᠷᠢ ᠵᠢ ᠪᠠᠰᠠ ᠴᠢᠩᠭ᠋ᠠᠳᠬᠠᠬᠤ ᠴᠢᠬᠤᠯᠠᠲᠠᠢ ᠪᠠᠶ᠋ᠢᠨ᠎ᠠ᠃ ᠡᠭᠦᠨ᠎ᠤ ᠲᠤᠯᠠᠳᠠ᠂ ᠪᠢᠳᠡ ᠠᠰᠠᠭᠤᠳᠠᠯ᠎ᠳᠤ ᠰᠢᠭᠤᠳ ᠬᠠᠨᠳᠤᠨ᠂ ᠦᠨᠳᠦᠰᠦ ᠰᠤᠷᠪᠤᠯᠵᠢ ᠵᠢ᠎ᠨᠢ ᠣᠨᠣᠪᠴᠢᠲᠠᠢ ᠡᠷᠢᠵᠦ᠂ ᠨᠡᠩ ᠬᠠᠨᠳᠤᠯᠭ᠋ᠠᠲᠤ ᠴᠢᠨᠠᠷᠲᠠᠢ ᠠᠷᠭ᠎ᠠ ᠬᠡᠮᠵᠢᠶ᠎ᠡ ᠠᠪᠴᠤ ᠵᠦᠢ᠍ᠯ ᠳᠠᠷᠠᠭ᠋ᠠᠯᠠᠨ ᠰᠢᠢ᠍ᠳᠪᠦᠷᠢᠯᠡᠵᠦ᠂ ᠡᠯ᠎ᠡ ᠵᠦᠢ᠍ᠯ ᠦ᠋᠊ᠨ ᠠᠵᠢᠯ᠎ᠤᠨ ᠰᠢᠨ᠎ᠡ ᠪᠠᠶ᠋ᠢᠳᠠᠯ᠎ᠢ ᠨᠡᠭᠡᠭᠡᠬᠦ᠂ ᠰᠢᠨ᠎ᠡ ᠵᠢ ᠪᠡᠶᠡᠯᠡᠭᠦᠯᠬᠦ ᠵᠢ ᠪᠦᠬᠦ ᠬᠦᠴᠦᠨ ᠵᠶ᠋ᠡᠷ ᠵᠶ᠋ᠡᠨ ᠲᠦᠯᠬᠢᠨ ᠠᠬᠢᠭᠤᠯᠤᠨ᠎ᠠ᠃
ᠠᠩᠬᠠᠨ᠎ᠤ ᠬᠢᠨᠠᠭ᠍ᠴᠢ᠄ ᠸᠠᠩ